ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠪᠥᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠵᠢᠴᠢ ︽ᠭᠠᠶᠢᠯᠢ ᠶᠢᠨ ᠬᠤᠯᠪᠣᠭ᠎ᠠ︾ ᠶᠢᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2025/4/2
 
    4 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠥᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠵᠢᠴᠢ ︽ᠭᠠᠶᠢᠯᠢ ᠶᠢᠨ ᠬᠤᠯᠪᠣᠭ᠎ᠠ︾ ᠶᠢᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠡᠷᠭᠢᠯᠡᠵᠦ᠂ ︽ᠭᠠᠶᠢᠯᠢ ᠲᠠᠲᠠᠪᠤᠷᠢ᠂ ᠬᠠᠤᠯᠢ ᠪᠠᠷ ᠵᠠᠰᠠᠬᠤ᠂ ᠡᠷᠬᠡ ᠲᠡᠭᠰᠢ᠂ ᠮᠠᠨ ᠤ ᠬᠤᠲᠠ ᠳᠤ ᠬᠤᠪᠢᠶᠠᠷᠢ ᠬᠤᠷᠠᠯ ᠤᠨ ᠲᠠᠯᠠᠪᠠᠶ ᠳᠣᠭᠢᠷᠠᠭᠤᠯᠤᠭᠰᠠᠨ ᠪᠥᠭᠡᠳ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠬᠥᠰᠢᠭᠡ ᠶᠢ ᠵᠡᠷᠭᠡ ᠪᠠᠷ ᠡᠬᠢᠯᠡᠭᠦᠯᠪᠡ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠮᠠᠨ ᠤ ᠬᠤᠲᠠ ᠶᠢᠨ ᠬᠤᠷᠠᠯ ᠳᠤ ᠣᠷᠣᠯᠴᠠᠭᠰᠠᠳ ᠸᠢᠳᠢᠣ᠋ ᠬᠤᠷᠠᠯ ᠤᠨ ᠬᠡᠯᠪᠡᠷᠢ ᠪᠠᠷ ᠦᠨᠡᠨᠴᠢ ᠢᠲᠡᠭᠡᠮᠵᠢᠲᠡᠶ ᠪᠠᠷ ᠭᠠᠶᠢᠯᠢ ᠲᠤᠰᠢᠶᠠᠬᠤ ᠠᠵᠤ ᠠᠬᠤᠶᠢᠯᠠᠯ ᠤᠨ ᠲᠥᠯᠥᠭᠡᠯᠡᠭᠴᠢᠳ ᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠬᠤ᠂ ᠰᠠᠨᠠᠭᠠᠴᠢᠯᠠᠭ᠎ᠠ ᠶᠢᠨ ᠪᠢᠴᠢᠭ ᠢ ᠤᠩᠰᠢᠬᠤ ᠵᠡᠷᠭᠡ ᠰᠢᠷᠢᠰ ᠠᠵᠢᠯᠯᠠᠭ᠎ᠠ ᠳᠤ ᠣᠷᠣᠯᠴᠠᠪᠠ᠃      ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠬᠤᠷᠢᠶᠠᠩᠭᠤᠶᠢᠯᠠᠨ ᠪᠤᠳᠤᠵᠤ ᠭᠠᠶᠢᠯᠢ ᠲᠤᠰᠢᠶᠠᠬᠤ ᠶᠢ ᠬᠠᠪᠰᠤᠷᠤᠨ ᠵᠢᠯᠣᠭᠤᠳᠬᠤ ᠵᠢᠴᠢ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠶᠢᠯᠢ ᠲᠤᠰᠢᠶᠠᠭᠴᠢ᠂ ᠰᠦᠢᠳᠭᠡᠯ ᠲᠤᠰᠢᠶᠠᠭᠴᠢ ᠶᠢᠨ ᠬᠠᠯᠠᠮᠵᠢᠯᠠᠨ ᠠᠩᠬᠠᠷᠴᠤ ᠪᠠᠶᠢᠭ᠎ᠠ ᠭᠠᠶᠢᠯᠢ ᠳᠤ ᠬᠤᠯᠪᠣᠭᠳᠠᠬᠤ ᠬᠠᠯᠠᠮᠰᠢᠯ ᠠᠰᠠᠭᠤᠳᠠᠯ ᠳᠤ ᠴᠢᠭᠯᠡᠭᠦᠯᠦᠨ᠂ ᠣᠯᠠᠨ ᠤ ᠰᠡᠵᠢᠭ ᠢ ᠬᠦᠯᠢᠴᠡᠩᠭᠦᠶ ᠪᠠᠷ ᠠᠷᠢᠯᠭᠠᠵᠤ ᠥᠭᠪᠡ᠃      ᠬᠤᠷᠠᠯ ᠳᠤ ᠣᠷᠣᠯᠴᠠᠭᠰᠠᠳ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠦᠷᠦ ᠶᠢᠨ ᠪᠤᠳᠤᠯᠭ᠎ᠠ ᠵᠢᠴᠢ ᠪᠤᠰᠤᠳ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢᠨ ᠲᠤᠬᠠᠢ ᠨᠡᠩ ᠲᠣᠳᠣᠷᠬᠠᠢ ᠣᠶᠢᠯᠠᠭᠠᠯᠲᠠ ᠲᠠᠢ ᠪᠤᠯᠵᠤ᠂ ᠬᠤᠶᠢᠰᠢᠳᠠ ᠶᠢᠨ ᠠᠵᠢᠯ ᠤᠨ ᠳᠤᠮᠳᠠ ᠠᠳᠡᠭᠦᠦ ᠮᠡᠳᠡᠭᠦᠯᠬᠦ᠂ ᠪᠤᠷᠤᠭᠤ ᠮᠡᠳᠡᠭᠦᠯᠬᠦ ᠠᠴᠠ ᠪᠤᠯᠵᠤ ᠡᠭᠦᠰᠦᠭᠰᠡᠨ ᠭᠠᠶᠢᠯᠢ ᠶᠢᠨ ᠶᠠᠪᠤᠳᠠᠯ ᠤᠨ ᠠᠶᠤᠯ ᠲᠦᠭᠰᠢᠭᠦᠷᠢ ᠠᠴᠠ ᠵᠠᠶᠢᠯᠠᠰᠬᠢᠵᠡᠢ᠃      ᠲᠠᠷᠠᠭᠠᠴᠢ ᠶᠢᠨ ᠠᠯᠬᠤᠮ ᠳᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠡᠭᠦᠨ ᠢᠶᠠᠷ ᠠᠵᠠ ᠲᠣᠬᠢᠶᠠᠯ ᠪᠣᠯᠭᠠᠵᠤ᠂ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠠᠷᠭ᠎ᠠ ᠮᠠᠶ᠋ᠢᠭ ᠤᠨ ᠲᠠᠯ᠎ᠠ ᠪᠠᠷ ᠦᠷᠭᠦᠯᠵᠢᠯᠡᠨ ᠰᠢᠨ᠎ᠡ ᠶᠢ ᠡᠭᠦᠳᠴᠦ᠂ ᠭᠠᠶᠢᠯᠢ ᠲᠠᠲᠠᠪᠤᠷᠢ ᠶᠢᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠭᠠᠶᠢᠯᠢ ᠲᠤᠰᠢᠶᠠᠭᠴᠢ ᠶᠢᠨ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠣᠭᠤᠮᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠭᠠᠶᠢᠯᠢ ᠶᠢᠨ ᠶᠠᠪᠤᠳᠠᠯ ᠤᠨ ᠬᠦᠴᠦᠨ ᠴᠢᠳᠠᠯ ᠢᠶᠠᠨ ᠡᠷᠭᠦᠨ᠎ᠡ ᠭᠡᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号