| | 3 ᠰᠠᠷ᠎ᠠ ᠶᠢᠨ 31 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ | ᠳᠤᠭᠤᠶᠢᠯᠠᠩ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠵᠢᠴᠢ 2025 ᠣᠨ ᠤ ᠨᠢᠭᠡᠳᠦᠭᠡᠷ | ᠬᠤᠭᠤᠴᠠᠭᠠᠨ ᠤ ᠪᠣᠭᠤᠮᠲᠠ ᠶᠢᠨ ᠺᠠᠳ᠋ᠷᠴᠤᠳ ᠤᠨ ᠶᠠᠷᠢᠶᠠᠨ ᠤ ᠲᠠᠩᠬᠢᠮ ᠤᠨ ᠲᠤᠰᠬᠠᠢ ᠰᠡᠳᠦᠪᠲᠦ ᠲᠠᠶᠢᠯᠤᠮᠵᠢ ᠬᠢᠵᠦ | ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ | ᠪᠦᠷᠢᠯᠳᠦᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠳᠤᠯᠤᠨ ᠨᠠᠷᠢᠨ ᠣᠶᠢᠯᠠᠭᠠᠵᠤ᠂ ᠵᠣᠬᠢᠶᠠᠮᠠᠯ | ᠣᠶᠤᠨᠴᠢ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠤᠨ ᠢᠷᠡᠭᠡᠳᠦᠢ ᠶᠢᠨ | ᠠᠵᠤ ᠦᠢᠯᠡᠰ ᠤᠨ ᠬᠥᠭᠵᠢᠯᠲᠡ ᠶᠢᠨ ᠰᠤᠳᠠᠰᠤ ᠶᠢ ᠲᠣᠳᠣᠷᠬᠠᠶᠢᠯᠠᠵᠤ᠂ ᠪᠦᠬᠦ ᠬᠤᠳᠠ ᠶᠢᠨ ᠥᠷᠭᠡᠨ ᠤᠯᠠᠨ | ᠺᠠᠳ᠋ᠷᠴᠤᠳ ᠤᠨ ᠵᠣᠬᠢᠶᠠᠮᠠᠯ ᠤᠶᠤᠨ ᠴᠢᠳᠠᠪᠤᠷᠢ ᠶᠢᠨ ᠲᠤᠬᠠᠢ ᠲᠠᠨᠢᠯᠲᠠ ᠪᠠ ᠬᠡᠷᠡᠭᠯᠡᠭᠡᠨ ᠤ ᠲᠦᠪᠰᠢᠨ ᠢ | ᠳᠡᠭᠡᠭᠰᠢᠯᠡᠭᠦᠯᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠠ ᠬᠠᠶ ᠲᠤᠤ | ᠬᠤᠷᠠᠯ ᠡᠷᠭᠢᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠶᠠᠨ ᠬᠤᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ | ᠬᠤᠷᠠᠯ ᠳᠤ ᠣᠷᠣᠯᠴᠠᠪᠠ᠃ | ᠲᠤᠰᠬᠠᠶ ᠰᠡᠳᠦᠪᠲᠦ ᠲᠠᠶᠢᠯᠤᠮᠵᠢ ᠨᠢ ᠵᠧᠵᠢᠶᠠᠩ ᠶᠡᠭᠡ ᠰᠤᠷᠭᠠᠭᠤᠯᠢ ᠶᠢᠨ ᠫᠷᠤᠹᠧᠰᠰᠤᠷ ᠴᠧᠨ ᠳ᠋ᠧ ᠶᠢ | ᠤᠷᠢᠵᠤ ︽︿ᠵᠣᠬᠢᠶᠠᠮᠠᠯ ᠣᠶᠤᠨ ᠴᠢᠳᠠᠪᠤᠷᠢ﹀ ᠶᠢ ᠨᠠᠶᠢᠳᠠᠪᠤᠷᠢᠵᠢᠭᠤᠯᠬᠤ ᠠᠵᠢᠯᠯᠠᠭ᠎ᠠ - DeepSeek ᠬᠥᠮᠦᠨ | ᠲᠥᠷᠥᠯᠬᠢᠲᠡᠨ ᠤ ᠠᠩᠬᠠᠳᠤᠭᠠᠷ ᠤᠳᠠᠭᠠᠨ ᠤ ᠣᠶᠤᠨᠴᠢ ᠬᠤᠪᠢᠰᠬᠠᠯ ᠢ ᠤᠭᠲᠤᠶ᠎ᠠ︾ ᠭᠡᠬᠦ ᠲᠤᠰᠬᠠᠶ ᠰᠡᠳᠦᠪᠲᠦ | ᠲᠠᠶᠢᠯᠤᠮᠵᠢ ᠬᠢᠯᠭᠡᠪᠡ᠃ ᠲᠡᠷᠡ ᠵᠣᠬᠢᠶᠠᠮᠠᠯ ᠣᠶᠤᠨᠴᠢ ᠬᠥᠭᠵᠢᠯᠲᠡ ᠶᠢᠨ ᠲᠡᠤᠬᠡ᠂ ᠵᠣᠬᠢᠶᠠᠮᠠᠯ ᠣᠶᠤᠨᠴᠢ | ᠬᠡᠷᠡᠭᠯᠡᠭᠡᠨ ᠤ ᠠᠬᠤᠶ ᠪᠠᠶᠢᠳᠠᠯ ᠤᠨ ᠬᠡᠷᠡᠭ ᠤᠨ ᠵᠢᠱᠢᠶ᠎ᠡ ᠵᠡᠷᠭᠡ ᠲᠠᠯ᠎ᠠ ᠪᠠᠷ ᠲᠠᠶᠢᠯᠤᠮᠵᠢ ᠬᠢᠵᠦ᠂ ᠲᠤᠰᠬᠠᠶ | ᠮᠡᠷᠭᠡᠵᠢᠯ ᠤᠨ ᠰᠢᠰᠲ᠋ᠧᠮ ᠲᠠᠢ ᠣᠨᠣᠯ ᠲᠠᠢ ᠪᠥᠭᠡᠳ ᠪᠠᠰᠠ ᠠᠮᠢᠳᠤ ᠰᠣᠷᠭᠤᠭ ᠬᠡᠷᠡᠭ ᠤᠨ ᠵᠢᠱᠢᠶ᠎ᠡ ᠲᠠᠢ ᠶᠤᠮ᠃ | ᠡᠭᠦᠨ ᠤ ᠬᠠᠮᠲᠤ ᠪᠣᠭᠤᠮᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠵᠣᠬᠢᠶᠠᠮᠠᠯ ᠣᠶᠤᠨ ᠴᠢᠳᠠᠪᠤᠷᠢ ᠬᠢᠭᠡᠳ | ᠠᠵᠤ ᠠᠬᠤᠶ ᠶᠢᠨ ᠬᠥᠭᠵᠢᠯᠲᠡ ᠵᠡᠷᠭᠡ ᠲᠠᠯ᠎ᠠ ᠪᠠᠷ ᠠᠭᠤᠰᠤᠯᠴᠠᠨ ᠬᠡᠷᠡᠭᠯᠡᠬᠦ ᠲᠤᠬᠠᠶ ᠰᠠᠨᠠᠭᠤᠯᠭ᠎ᠠ ᠪᠠ ᠯᠠᠪᠯᠠᠯᠲᠠ | ᠳᠤᠷᠠᠳᠴᠤ᠂ ᠪᠥᠬᠦ ᠬᠤᠲᠠ ᠪᠠᠷ ᠢᠶᠠᠨ ᠵᠣᠬᠢᠶᠠᠮᠠᠯ ᠣᠶᠤᠨ ᠴᠢᠳᠠᠪᠤᠷᠢ ᠶᠢᠨ ᠶᠡᠭᠡ ᠵᠠᠭᠪᠤᠷ ᠤᠨ ᠬᠥᠭᠵᠢᠯᠲᠡ ᠶᠢᠨ | ᠬᠠᠨᠳᠤᠰᠢ ᠪᠠ ᠬᠡᠷᠡᠭᠯᠡᠭᠡᠨ ᠤ ᠠᠷᠭ᠎ᠠ ᠶᠢ ᠣᠨᠣᠪᠴᠢᠲᠠᠶ ᠤᠶᠢᠯᠠᠭᠠᠨ ᠡᠵᠡᠮᠰᠢᠵᠦ᠂ ᠵᠣᠬᠢᠶᠠᠮᠠᠯ ᠣᠶᠤᠨ | ᠴᠢᠳᠠᠪᠤᠷᠢ ᠶᠢ ᠨᠢ ᠬᠡᠷᠡᠭᠯᠡᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠲᠠᠯ᠎ᠠ ᠪᠠᠷ ᠦᠢᠯᠡᠳᠦᠯᠭᠡ ᠶᠢᠨ ᠠᠷᠭ᠎ᠠ | ᠵᠠᠮ ᠢ ᠬᠠᠩᠭᠠᠭᠰᠠᠨ ᠪᠠᠶᠢᠨ᠎ᠠ᠃ | ᠬᠤᠷᠠᠯ ᠳᠤ ᠣᠷᠣᠯᠴᠠᠭᠰᠠᠳ ᠰᠠᠨᠠᠯ ᠨᠢᠭᠡᠲᠡᠶ ᠦᠵᠡᠭᠰᠡᠨ ᠨᠢ᠂ ᠲᠠᠶᠢᠯᠤᠮᠵᠢ ᠶᠢᠨ ᠭᠤᠤᠯ ᠰᠡᠳᠦᠪ ᠨᠢ ᠢᠯᠡ | ᠲᠣᠳᠣ᠂ ᠠᠭᠤᠯᠭ᠎ᠠ ᠨᠢ ᠪᠠᠶᠠᠯᠢᠭ᠂ ᠭᠦᠨᠵᠡᠭᠡᠶ ᠪᠥᠭᠡᠳ ᠣᠶᠢᠯᠠᠭᠠᠮᠵᠢᠲᠠᠶ᠂ ᠵᠣᠬᠢᠶᠠᠮᠠᠯ ᠣᠶᠤᠨ ᠤ ᠬᠥᠭᠵᠢᠯᠲᠡ ᠶᠢᠨ | ᠬᠠᠨᠳᠤᠰᠢ ᠶᠢ ᠪᠥᠬᠦ ᠲᠠᠯ᠎ᠠ ᠪᠠᠷ ᠡᠵᠡᠮᠳᠡᠵᠦ᠂ ᠬᠠᠮᠢᠶ᠎ᠠ ᠪᠥᠬᠦᠶ ᠠᠵᠤ ᠦᠢᠯᠡᠰ ᠤᠨ ᠬᠥᠭᠵᠢᠯᠲᠡ ᠶᠢ | ᠲᠥᠯᠥᠪᠵᠢᠭᠦᠯᠬᠦ ᠳᠤ ᠢᠳᠡᠪᠬᠢᠲᠡᠶ ᠦᠢᠯᠡᠳᠦᠯ ᠲᠠᠢ ᠶᠤᠮ᠃ ᠵᠣᠬᠢᠶᠠᠮᠠᠯ ᠤᠶᠤᠨ ᠴᠢᠳᠠᠪᠤᠷᠢ ᠶᠢᠨ ᠲᠤᠰᠬᠠᠢ | ᠮᠡᠷᠭᠡᠵᠢᠯ ᠤᠨ ᠮᠡᠳᠡᠯᠭᠡ ᠶᠢᠨ ᠰᠤᠷᠤᠯᠴᠠᠯᠭ᠎ᠠ ᠶᠢ ᠦᠷᠭᠦᠯᠵᠢᠯᠡᠨ ᠴᠢᠩᠭᠠᠳᠬᠠᠵᠤ᠂ ︽ᠴᠢᠳᠠᠪᠤᠷᠢ ᠶᠢᠨ ᠭᠡᠯᠮᠡᠭᠳᠡᠯ︾ ᠢ | ᠰᠠᠨᠠᠭᠠᠴᠢᠯᠠᠭ᠎ᠠ ᠠᠴᠠ ᠪᠠᠨ ᠲᠡᠪᠴᠢᠵᠦ᠂ ᠵᠣᠬᠢᠶᠠᠮᠠᠯ ᠤᠶᠤᠨ ᠴᠢᠳᠠᠪᠤᠷᠢ ᠶᠢ ᠡᠷᠢᠶᠡᠨ ᠤ ᠬᠥᠭᠵᠢᠯᠲᠡ ᠶᠢᠨ ᠪᠣᠳᠠᠲᠠᠢ | ᠠᠷᠭ᠎ᠠ ᠵᠠᠮ ᠢ ᠭᠦᠨᠵᠡᠭᠡᠢ ᠰᠤᠳᠤᠯᠵᠤ᠂ ᠰᠣᠷᠣᠭᠰᠠᠨ ᠢᠶᠠᠨ ᠬᠡᠷᠡᠭᠯᠡᠬᠦ᠂ ᠰᠤᠷᠴᠤ ᠬᠡᠷᠡᠭᠯᠡᠬᠦ ᠶᠢ ᠵᠡᠷᠭᠡᠪᠡᠷ | ᠳᠡᠭᠡᠭᠰᠢᠯᠡᠭᠦᠯᠬᠦ ᠶᠢ ᠦᠨᠡᠨᠬᠦ ᠪᠡᠶᠡᠯᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠴᠢᠨᠠᠷ ᠰᠠᠶᠢᠲᠠᠢ | ᠬᠥᠭᠵᠢᠯᠲᠡ ᠶᠢᠨ ᠪᠣᠳᠠᠲᠤ ᠠᠮᠵᠢᠯᠲᠠ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ |