ᠮᠠᠨ ᠤ ᠬᠤᠲᠠ 458.63 ᠲᠦᠮᠡᠨ ᠮᠦ ᠨᠤᠲᠤᠭ ᠪᠡᠯᠴᠢᠭᠡᠷ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠬᠤᠭᠤᠴᠠᠭᠠᠨ ᠳᠤ ᠣᠷᠣᠪᠠ
ᠨᠡᠶᠢᠲᠡᠯᠡᠭᠰᠡᠨ ᠴᠠᠭ᠄
2025/4/2
      ᠬᠠᠪᠤᠷ ᠤᠨ ᠤᠯᠠᠷᠢᠯ ᠪᠣᠯ ᠲᠠᠯ᠎ᠠ ᠨᠤᠲᠤᠭ ᠤᠨ ᠪᠡᠯᠴᠢᠭᠡᠷ ᠨᠤᠭᠤᠭᠠᠷᠠᠬᠤ ᠬᠤᠭᠤᠴᠠᠭ᠎ᠠ ᠪᠤᠯᠤᠨ᠎ᠠ᠃ 4 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠬᠤᠲᠠ ᠶᠢᠨ ᠭᠡᠷᠡᠯᠳᠦᠠᠣᠳᠦ ᠰᠣᠮᠣ ᠶᠢᠨ 4 ᠭᠠᠴᠠᠭᠠᠨ ᠤ 458.63 ᠲᠦᠮᠡᠨ ᠮᠦ ᠨᠤᠲᠤᠭ ᠪᠡᠯᠴᠢᠭᠡᠷ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠬᠤᠭᠤᠴᠠᠭᠠᠨ ᠳᠤ ᠵᠢᠩᠬᠢᠨᠢ ᠪᠠᠷ ᠣᠷᠣᠪᠠ᠃       ᠡᠨᠡ ᠵᠢᠯ ᠤᠨ ᠮᠠᠨ ᠤ ᠬᠤᠲᠠ ᠶᠢᠨ ᠪᠠᠯᠴᠢᠬᠡᠷ ᠰᠡᠷᠬᠦᠬᠡᠬᠦ ᠴᠠᠭ ᠨᠢ 4 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 15 ᠤ ᠡᠳᠦᠷ᠂ 45 ᠡᠳᠦᠷ ᠤᠨ ᠬᠤᠭᠤᠴᠠᠭ᠎ᠠ ᠲᠠᠢ᠃ ᠪᠥᠬᠦ ᠠᠶᠢᠮᠠᠭ ᠤᠨ ᠨᠢᠭᠡᠳᠦᠯᠲᠡᠶ ᠪᠠᠷᠢᠮᠵᠢᠶ᠎ᠠ ᠶᠣᠰᠣᠭᠠᠷ ᠨᠥᠬᠦᠪᠥᠷᠢ ᠥᠭᠴᠦ᠂ ᠮᠥ ᠪᠦᠷᠢ ᠳᠤ 1.125 ᠲᠥᠭᠦᠷᠢᠭ ᠤᠨ ᠨᠥᠬᠦᠪᠥᠷᠢ ᠥᠭᠴᠦ᠂ ᠡᠨᠡ ᠬᠤᠭᠤᠴᠠᠭᠠᠨ ᠳᠤ ᠪᠣᠶ ᠪᠥᠬᠦᠶ ᠮᠠᠯ ᠢ ᠬᠠᠰᠢᠶᠠᠯᠠᠨ ᠲᠡᠵᠢᠭᠡᠵᠦ᠂ ᠮᠠᠯ ᠬᠠᠷᠢᠭᠤᠯᠬᠤ ᠶᠢ ᠴᠢᠩᠭ᠎ᠠ ᠴᠠᠭᠠᠵᠠᠯᠠᠨ᠎ᠠ᠃       ᠰᠡᠯᠭᠦᠨ ᠮᠠᠯᠵᠢᠬᠤ ᠨᠢ ᠮᠠᠯ ᠲᠡᠵᠢᠭᠡᠪᠤᠷᠢ ᠶᠢᠨ ᠤᠷᠭᠤᠯᠳᠠ ᠶᠢᠨ ᠬᠤᠭᠤᠴᠠᠭᠠᠨ ᠳᠠᠬᠢ ᠪᠡᠯᠴᠢᠭᠡᠷ ᠬᠠᠳᠤᠯᠠᠩ ᠤᠨ ᠢᠳᠡᠰᠢ ᠢᠳᠡᠬᠦ᠂ ᠬᠢᠰᠬᠢᠯᠡᠬᠦ ᠶᠢ ᠪᠦᠲᠦᠮᠵᠢᠲᠡᠢ ᠪᠠᠭᠠᠰᠬᠠᠵᠤ᠂ ᠡᠪᠡᠰᠦ ᠪᠡᠯᠴᠢᠭᠡᠷ ᠤᠨ ᠭᠦᠢᠴᠡᠳ ᠨᠣᠭᠤᠭᠠᠷᠠᠬᠤ ᠪᠠ ᠦᠷᠭᠦᠯᠵᠢᠯᠡᠨ ᠤᠷᠭᠤᠬᠤ ᠳᠤ ᠠᠰᠢᠭᠲᠠᠢ ᠪᠠᠶᠢᠳᠠᠭ᠃ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠳᠤ᠂ ᠮᠠᠨ ᠤ ᠬᠤᠲᠠ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠳᠠᠯᠳᠠᠭᠤᠷ ᠮᠠᠯᠵᠢᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ︽ᠰᠢᠨᠵᠢᠯᠡᠬᠦ ᠤᠬᠠᠭᠠᠨᠴᠢ ᠪᠠᠷ ᠰᠡᠯᠭᠦᠨ ᠮᠠᠯᠵᠢᠬᠤ ᠠᠮᠢ ᠠᠬᠤᠶ ᠶᠢᠨ ᠨᠥᠬᠦᠪᠥᠷᠢ︾ ᠶᠢᠨ ᠵᠠᠭᠪᠤᠷ ᠢᠶᠠᠷ ᠳᠠᠮᠵᠢᠭᠤᠯᠤᠨ᠂ ᠨᠤᠲᠤᠭ ᠪᠡᠯᠴᠢᠭᠡᠷ ᠢ ︽ᠴᠠᠯᠢᠩ ᠠᠪᠴᠤ ᠠᠮᠠᠷᠠᠬᠤ︾ ᠪᠣᠯᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号