ᠴᠢᠰᠤ ᠪᠦᠳᠦᠬᠡᠬᠦ ᠡᠰ ᠢᠶᠠᠨ ᠬᠠᠨᠳᠢᠪᠯᠠᠭᠴᠢ ᠨᠠᠢᠮᠠᠨ ᠬᠦᠮᠦᠨ ᠡᠷᠢᠶᠡᠨ ᠬᠤᠳᠠ ᠠᠴᠠ ᠮᠣᠷᠳᠠᠪᠠ
ᠨᠡᠶᠢᠲᠡᠯᠡᠭᠰᠡᠨ ᠴᠠᠭ᠄
2025/4/21
 
    4 ᠰᠠᠷ᠎ᠠ ᠶᠢᠨ 17 ᠤ ᠡᠳᠦᠷ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠡᠷᠢᠶᠡᠨ ᠬᠤᠲᠠ ᠶᠢᠨ ᠪᠣᠭᠤᠮᠲᠠ ᠶᠢᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠲᠥᠬᠦᠮ ᠪᠥᠭᠡᠳ ᠲᠥᠪ ᠶᠡᠬᠡᠮᠰᠦᠭ ᠦᠳᠡᠨ ᠮᠣᠷᠳᠠᠭᠤᠯᠬᠤ ᠶᠣᠰᠣᠯᠠᠯ ᠶᠠᠪᠤᠭᠤᠯᠵᠤ᠂ ᠤᠳᠠᠯ ᠥᠬᠡᠶ ᠬᠥᠬᠡᠬᠤᠲᠠ ᠳᠤ  ᠣᠷᠣᠭᠤ ᠦᠳᠡᠨ ᠮᠣᠷᠳᠠᠭᠤᠯᠵᠠᠶ᠃      ᠺᠠᠩ ᠶᠤᠸᠠᠨ ᠳ᠋ᠦᠩ ᠪᠣᠯ ᠡᠷᠢᠶᠡᠨ ᠬᠤᠲᠠ ᠶᠢᠨ ᠪᠣᠭᠤᠮᠲᠠ ᠶᠢᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠢᠭᠡᠨ ᠠᠵᠢᠯᠲᠠᠨ ᠪᠣᠯᠬᠤ ᠪᠥᠭᠡᠳ ᠤᠯᠠᠭᠠᠨ ᠵᠠᠭᠠᠯᠮᠠᠶᠢᠲᠠᠨ ᠤ ᠰᠠᠶᠢᠨ ᠳᠤᠷ᠎ᠠ ᠶᠢᠨ ᠠᠵᠢᠯᠯᠠᠭᠴᠢ ᠪᠣᠯᠤᠨ᠎ᠠ᠃ 2022 ᠣᠨ ᠳᠤ ᠰᠠᠶᠢᠨ ᠳᠤᠷ᠎ᠠ ᠠᠴᠠ ᠪᠠᠨ ᠳᠤᠮᠳᠠᠳᠤ ᠶᠢᠨ ᠴᠢᠮᠥᠭᠡ ᠬᠥᠮᠥᠷᠭᠡ ᠳᠤ ᠣᠷᠣᠵᠤ᠂ ᠬᠠᠨᠳᠢᠪᠯᠠᠬᠤ ᠰᠠᠶᠢᠨ ᠳᠤᠷ᠎ᠠ ᠶᠢᠨ ᠠᠵᠢᠯᠯᠠᠭᠴᠢ ᠪᠣᠯᠪᠠ᠃ 2025 ᠣᠨ ᠤ 2 ᠰᠠᠷ᠎ᠠ ᠳᠤ᠂ ᠲᠡᠷᠡ ᠨᠢᠭᠤᠷ ᠵᠣᠯᠭᠠᠭᠤᠯᠤᠭ᠎ᠠ ᠦᠭᠡᠢ ᠡᠷᠡᠭᠲᠡᠢ ᠶᠢᠨ ᠴᠢᠰᠤᠨ ᠤ ᠡᠪᠡᠳᠴᠢᠨ ᠲᠠᠢ ᠡᠪᠡᠳᠴᠢᠲᠡᠨ ᠢ ᠠᠮᠵᠢᠯᠲᠠ ᠲᠠᠢ ᠲᠣᠬᠢᠷᠠᠭᠤᠯᠵᠠᠢ᠃ ᠪᠡᠶ᠎ᠡ ᠶᠢᠨ ᠪᠠᠶᠢᠴᠠᠭᠠᠯᠲᠠ ᠪᠠ ᠪᠡᠯᠡᠳᠬᠡᠯ ᠢ ᠴᠢᠩᠳᠠᠯᠠᠵᠤ᠂ ᠲᠡᠷᠡ 4 ᠰᠠᠷ᠎ᠠ ᠶᠢᠨ 22 ᠤᠨ ᠡᠳᠦᠷ ᠴᠢᠰᠤ ᠪᠦᠲᠦᠭᠡᠬᠦ ᠭᠤᠣᠯ ᠡᠰ ᠤᠨ ᠬᠤᠯᠢᠮᠠᠭ ᠰᠢᠩᠭᠡᠨ ᠢ ᠴᠤᠭᠯᠠᠭᠤᠯᠵᠤ᠂ ᠡᠪᠡᠳᠴᠢᠲᠡᠨ ᠳᠤ ︽ᠠᠮᠢ ᠨᠠᠰᠤᠨ ᠤ ᠦᠷ᠎ᠡ︾ ᠶᠢ ᠬᠦᠷᠭᠡᠬᠦ ᠪᠣᠯᠤᠨ᠎ᠠ᠃      ᠲᠤᠬᠠᠶ ᠶᠢᠨ ᠲᠠᠯᠠᠪᠠᠶ ᠶᠢᠨ ᠵᠣᠷᠢᠭᠵᠢᠭᠤᠯᠤᠯ ᠤᠨ ᠡᠮᠦᠨ᠎ᠡ᠂ ᠲᠡᠷᠡ᠂ ᠬᠡᠯᠪᠡᠷᠢ ᠲᠠᠭᠠᠷᠠᠭᠤᠯᠤᠨ ᠠᠮᠵᠢᠯᠲᠠ ᠣᠯᠤᠭᠰᠠᠨ ᠢ ᠮᠡᠳᠡᠮᠡᠭᠴᠡ ᠵᠥᠪᠬᠡᠨ ᠠᠯᠢ ᠴᠢᠳᠠᠬᠤ ᠪᠠᠷ ᠨᠥᠭᠦᠭᠡ ᠡᠲᠡᠭᠡᠳ ᠢᠶᠠᠨ ᠬᠠᠪᠰᠤᠷᠤᠨ᠎ᠠ ᠭᠡᠵᠦ ᠪᠤᠳᠤᠨ᠎ᠠ᠃ ᠡᠨᠡ ᠪᠣᠯ ᠪᠤᠰᠤᠳ ᠤᠨ ᠬᠤᠪᠢ ᠵᠠᠶᠠᠭ᠎ᠠ ᠶᠢ ᠬᠤᠪᠢᠷᠠᠭᠤᠯᠵᠤ ᠴᠢᠳᠠᠬᠤ ᠶᠠᠪᠤᠳᠠᠯ ᠮᠥᠨ᠂ ᠡᠭᠦᠨ ᠳᠤ ᠭᠦᠨ ᠲᠦᠷᠦᠭᠳᠡᠯ ᠲᠠᠢ ᠰᠠᠨᠠᠭᠳᠠᠵᠤ ᠪᠠᠶᠢᠨ᠎ᠠ᠃      ᠡᠨᠡ ᠤᠳᠠᠭ᠎ᠠ ᠶᠢᠨ ᠠᠮᠢ ᠨᠠᠰᠤᠨ ᠤ ᠪᠤᠤᠬᠢᠶ᠎ᠠ ᠪᠣᠯ ᠨᠢᠭᠡ ᠤᠳᠠᠭ᠎ᠠ ᠶᠢᠨ ᠬᠠᠶᠢᠷ᠎ᠠ ᠬᠠᠯᠠᠮᠵᠢ ᠶᠢ ᠳᠠᠮᠵᠢᠭᠤᠯᠬᠤ ᠪᠠᠷ ᠪᠠᠷᠠᠬᠤ ᠦᠭᠡᠢ᠂ ᠨᠡᠩ ᠴᠤ ᠨᠡᠶᠢᠭᠡᠮ ᠳᠤ ︽ᠡᠷᠡᠭᠦᠯ ᠮᠡᠨᠳᠤ ᠶᠢ ᠬᠤᠬᠢᠷᠠᠭᠤᠯᠬᠤ ᠦᠭᠡᠢ ᠰᠠᠶᠢᠨ ᠶᠠᠪᠤᠳᠠᠯ ᠬᠢᠵᠦ ᠠᠮᠢ ᠨᠠᠰᠤ ᠶᠢ ᠪᠦᠲᠦᠭᠡᠬᠦ︾ ᠢᠳᠡᠪᠬᠢ ᠬᠦᠴᠦᠨ ᠢ ᠳᠠᠮᠵᠢᠭᠤᠯᠵᠠᠢ᠃ ᠤᠳᠠᠭ᠎ᠠ ᠪᠦᠷᠢ ᠶᠢᠨ ᠬᠠᠨᠳᠢᠪ ᠤᠨ ᠠᠵᠢᠯᠯᠠᠭ᠎ᠠ ᠪᠣᠯ ᠴᠥᠮ ᠠᠮᠢ ᠨᠠᠰᠤ ᠶᠢ ᠪᠢᠰᠢᠷᠡᠨ ᠵᠢᠷᠦᠬᠡᠰᠢᠶᠡᠬᠦ ᠶᠠᠪᠤᠳᠠᠯ ᠮᠥᠨ᠂ ᠨᠡᠩ ᠴᠤ ᠬᠤᠳᠠ ᠶᠢᠨ ᠪᠣᠯᠪᠠᠰᠤᠨ ᠤ ᠠᠮᠢᠳᠤᠯᠢᠭ ᠲᠠᠶᠢᠯᠪᠤᠷᠢᠯᠠᠯᠲᠠ ᠮᠥᠨ᠃ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠠᠩ ᠣᠯᠠᠨ ᠬᠥᠮᠦᠨ ᠤ ᠴᠢᠰᠤ ᠪᠦᠲᠦᠭᠡᠬᠦ ᠭᠤᠣᠯ ᠡᠰ ᠤᠨ ᠡᠩᠨᠡᠭᠡᠨ ᠳᠤ ᠣᠷᠣᠵᠤ᠂ ᠬᠠᠶᠢᠷ᠎ᠠ ᠬᠠᠯᠠᠮᠵᠢ ᠶᠢ ᠤᠮᠠᠷᠠᠲᠤ ᠬᠢᠯᠢ ᠶᠢᠨ ᠪᠣᠭᠤᠮᠲᠠ ᠳᠤ ᠦᠷᠭᠦᠯᠵᠢᠯᠡᠭᠦᠯᠬᠦ ᠬᠡᠷᠡᠭᠲᠡᠶ ᠭᠡᠵᠦ ᠤᠷᠢᠶᠠᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号