【 ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠶᠠᠪᠤᠭᠳᠠᠵᠤ ᠪᠠᠶᠢᠨ᠎ᠠ 】 ᠡᠨᠡ ᠵᠢᠯ ᠤᠨ ᠨᠢᠭᠡᠳᠦᠭᠡᠷ ᠤᠯᠠᠷᠢᠯ ᠳᠤ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 450.9 ᠲᠦᠮᠡᠨ ᠲᠣᠨ ᠳᠤ ᠬᠦᠷᠪᠡ
ᠨᠡᠶᠢᠲᠡᠯᠡᠭᠰᠡᠨ ᠴᠠᠭ᠄
2025/4/21
   ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 450.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠵᠦ᠂ ᠰᠢᠨ᠎ᠡ ᠲᠡᠮᠳᠡᠭᠯᠡᠯ ᠢ ᠡᠭᠦᠳᠪᠡ᠃ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠨᠢ 375.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠪᠡ︔ ᠭᠠᠳᠠᠭᠠᠳᠤ ᠭᠠᠷᠭᠠᠯᠲᠠ ᠨᠢ 75.6 ᠲᠦᠮᠡᠨ ᠲᠣᠨ ᠳᠤ ᠬᠦᠷᠴᠦ᠂ 3.9% ᠪᠠᠷ ᠪᠠᠭᠠᠰᠪᠠ᠃      ᠡᠨᠡ ᠵᠢᠯ ᠠᠴᠠ ᠨᠠᠰᠢ᠂ ᠡᠷᠢᠶᠡᠨ ᠬᠤᠲᠠ ᠶᠢᠨ ᠪᠣᠭᠤᠮᠲᠠ ᠶᠢᠨ ᠬᠢᠨ ︽ᠭᠠᠭᠴᠠ ᠴᠣᠩᠬᠤᠪᠴᠢ︾ ᠶᠢᠨ ᠤᠬᠠᠭᠤᠯᠭ᠎ᠠ ᠪᠠ ᠬᠡᠷᠡᠭᠯᠡᠭᠡᠨ ᠤ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ︽ᠭᠠᠭᠴᠠ ᠴᠣᠩᠬᠤᠪᠴᠢ︾ ᠪᠠᠷ ᠭᠤᠶᠤᠴᠢᠯᠠᠨ ᠮᠡᠳᠡᠭᠦᠯᠬᠦ ᠶᠢ ᠵᠢᠷᠤᠮᠵᠢᠭᠤᠯᠤᠨ᠂ ᠪᠣᠭᠤᠮᠲᠠ ᠶᠢᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠣᠳᠠᠲᠠᠶ ᠠᠵᠢᠯ ᠢᠶᠠᠷ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠥᠭᠦᠮ ᠳᠥᠲᠡ ᠥᠨᠳᠥᠷ ᠪᠦᠲᠦᠮᠵᠢᠲᠡᠶ ᠪᠣᠭᠤᠮᠲᠠ ᠪᠠᠷ ᠥᠩᠭᠡᠷᠡᠬᠦ ᠶᠢ ᠪᠠᠲᠤᠯᠠᠪᠠ᠃ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠡᠷᠢᠶᠡᠨ ᠬᠤᠳᠠ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠵᠦ᠂ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠢᠯᠡᠷᠡᠵᠡᠢ᠃      ᠡᠨᠡ ᠵᠢᠯ ᠤᠨ 4 ᠰᠠᠷ᠎ᠠ ᠳᠤ ᠡᠷᠢᠶᠡᠨ ᠬᠤᠲᠠ ᠶᠢᠨ ᠪᠣᠭᠤᠮᠲᠠ ᠶᠢᠨ ᠬᠢᠨ ᠠᠩᠬ᠎ᠠ ᠤᠳᠠᠭ᠎ᠠ BX70B ᠬᠡᠯᠪᠡᠷᠢ ᠶᠢᠨ ᠴᠢᠩᠭᠡᠯᠢᠭ ᠤᠨ ᠲᠤᠰᠬᠠᠶ ᠬᠡᠷᠡᠭᠯᠡᠭᠡᠨ ᠤ ᠡᠩ ᠤᠨ ᠲᠡᠷᠭᠡ ᠶᠢ ᠬᠡᠷᠡᠭᠯᠡᠵᠦ᠂ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ ᠤᠤᠯ ᠤᠨ ᠨᠢᠭᠡ ᠬᠠᠶᠢᠷᠴᠠᠭ ᠢ ᠤᠯᠠᠨ ᠬᠠᠶᠢᠷᠴᠠᠭ ᠪᠣᠯᠭᠠᠨ ᠬᠤᠪᠢᠷᠠᠭᠤᠯᠵᠤ᠂ ᠪᠠᠷᠠᠭ᠎ᠠ ᠲᠡᠭᠡᠭᠡᠪᠦᠷᠢᠯᠡᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠭᠰᠡᠨ ᠤ ᠬᠠᠮᠲᠤ ᠪᠠᠰᠠ ᠲᠠᠷᠠᠭᠠᠴᠢ ᠶᠢᠨ ᠠᠯᠬᠤᠮ ᠳᠤ ᠬᠦᠢᠳᠡᠨ ᠬᠡᠯᠬᠢᠶᠡᠲᠦ ᠵᠢᠰᠢᠶᠠᠨ ᠤ ᠭᠠᠯᠲᠤ ᠲᠡᠷᠭᠡ ᠶᠢ ᠰᠦᠪᠡᠭᠴᠢᠯᠡᠨ ᠶᠠᠪᠤᠭᠤᠯᠬᠤ ᠳᠤ ᠰᠠᠭᠤᠷᠢ ᠲᠠᠯᠪᠢᠵᠤ ᠥᠭᠴᠡᠶ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号