| | | 4 ᠰᠠᠷ᠎ᠠ ᠶᠢᠨ 19 ᠤ ᠡᠳᠦᠷ᠂ ᠠᠭᠤᠷ ᠤᠨ ᠱᠤᠤᠭᠢᠯ ᠤᠨ ᠳᠠᠭᠤᠨ ᠬᠠᠩᠭᠢᠨᠠᠬᠤ ᠶᠢ ᠳᠠᠭᠠᠯᠳᠤᠨ᠂ 55 | ᠢᠨᠴᠢ ᠶᠢᠨ ᠴᠢᠩᠭᠡᠯᠢᠭ ᠢ ᠳᠦᠭᠦᠷᠲᠡᠯ᠎ᠡ ᠲᠡᠭᠡᠭᠡᠭᠰᠡᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ | ᠠᠯᠭᠤᠷ ᠢᠶᠠᠷ ᠡᠬᠢᠯᠡᠵᠦ᠂ ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠲᠠ ᠪᠠᠷ ᠧᠦ᠋ᠷᠣᠫᠠ ᠲᠢᠪ ᠲᠤ ᠬᠦᠷᠪᠡ᠃ | ᠡᠨᠡ ᠪᠣᠯ ᠡᠨᠡ ᠵᠢᠯ ᠠᠴᠠ ᠨᠠᠰᠢ ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠲᠠ ᠪᠠᠷ ᠣᠷᠣᠵᠤ ᠭᠠᠷᠬᠤ 1000 | ᠭᠠᠷᠤᠢ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠪᠣᠯᠣᠨ᠎ᠠ᠂ ᠨᠢᠳᠤᠨᠤᠨ ᠤ ᠬᠢ ᠠᠴᠠ 2 ᠡᠳᠦᠷ | ᠤᠷᠢᠳᠴᠢᠯᠠᠪᠠ᠃ | ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠲᠠ ᠪᠣᠯ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ | ᠬᠤᠩᠬᠢᠯ ᠤᠨ ᠭᠤᠣᠯ ᠳᠤ ᠪᠠᠶᠢᠷᠢᠯᠠᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ︽ᠳᠤᠮᠳᠠ | ᠨᠡᠪᠲᠡᠷᠡᠬᠦ ᠵᠠᠮ︾ ᠤᠨ ᠬᠢᠯᠢ ᠪᠠᠷ ᠣᠷᠣᠵᠤ ᠭᠠᠷᠬᠤ ᠴᠣᠷ ᠤᠨ ᠭᠠᠭᠴᠠ ᠲᠡᠮᠦᠷ ᠵᠠᠮ ᠤᠨ ᠪᠣᠭᠤᠮᠲᠠ ᠪᠣᠯᠤᠨ᠎ᠠ᠃ | ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠦᠷᠭᠡᠨ ᠬᠥᠭᠵᠢᠯᠲᠡ ᠶᠢ ᠳᠠᠭᠠᠯᠳᠤᠨ᠂ ᠲᠡᠮᠦᠷ | ᠵᠠᠮ ᠤᠨ ᠰᠠᠯᠠᠭ᠎ᠠ ᠮᠥᠴᠢᠷ ᠤᠨ ᠬᠢᠨ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠲᠣᠣᠷ ᠢ ᠦᠷᠭᠦᠯᠵᠢᠯᠡᠨ | ᠨᠢᠭᠲᠠ ᠪᠠᠶᠢᠭᠤᠯᠵᠤ᠂ 4 ᠰᠠᠷ᠎ᠠ ᠳᠤ ︽ᠡᠦ ᠬᠤ᠋ - ᠮᠣᠰᠺᠸᠠ︾ ᠡᠭᠡᠯᠵᠢ ᠶᠢᠨ ᠭᠠᠯᠲᠤ ᠲᠡᠷᠭᠡ ᠶᠢ ᠰᠢᠨ᠎ᠡ ᠪᠠᠷ | ᠨᠡᠮᠡᠭᠳᠡᠭᠦᠯᠪᠡ᠃ ᠣᠳᠣ ᠡᠵᠡᠩᠨᠡᠵᠦ ᠪᠠᠶᠢᠭ᠎ᠠ ᠵᠠᠮ ᠱᠤᠭᠤᠮ 72 ᠵᠤᠷᠪᠤᠰ ᠪᠠᠶᠢᠵᠤ᠂ ᠤᠯᠤᠰ ᠤᠨ ᠳᠣᠲᠣᠭᠠᠳᠤ ᠶᠢᠨ | 24 ᠮᠤᠵᠢ ᠣᠷᠣᠨ ᠤ 60 ᠭᠠᠷᠤᠶ ᠬᠤᠲᠠ ᠶᠢ ᠨᠥᠯᠥᠭᠡᠯᠡᠨ᠂ ᠭᠧᠷᠮᠠᠨ᠂ ᠫᠤᠯᠠᠨᠳ᠋᠂ ᠣᠷᠣᠰ ᠵᠡᠷᠭᠡ 10 ᠭᠠᠷᠤᠶ | ᠤᠯᠤᠰ ᠤᠨ 70 ᠭᠠᠷᠤᠶ ᠵᠠᠩᠭᠢᠯᠠᠭ᠎ᠠ ᠶᠢᠨ ᠥᠷᠲᠡᠭᠡ ᠴᠡᠭ ᠲᠤ ᠨᠡᠪᠲᠡᠷᠡᠪᠡ᠃ 2013 ᠣᠨ ᠳᠤ ᠠᠩᠬ᠎ᠠ ᠤᠳᠠᠭ᠎ᠠ | ᠨᠡᠪᠲᠡᠷᠡᠭᠰᠡᠨ ᠠᠴᠠ ᠨᠠᠰᠢ᠂ ᠲᠤᠰ ᠪᠣᠭᠤᠮᠲᠠ ᠪᠠᠷ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠪᠠᠷ 1. | 8 ᠲᠦᠮᠡᠨ ᠴᠤᠪᠤᠭ᠎ᠠ ᠠᠶᠠᠯᠠᠪᠠ᠃ | ᠦᠷᠭᠦᠯᠵᠢᠯᠡᠨ ᠨᠡᠮᠡᠭᠳᠡᠵᠦ ᠪᠠᠶᠢᠭ᠎ᠠ ᠬᠢᠯᠢ ᠠᠯᠤᠰᠯᠠᠭᠰᠠᠨ ᠲᠡᠭᠡᠭᠡᠪᠦᠷᠢ ᠶᠢᠨ ᠬᠡᠷᠡᠭᠴᠡᠭᠡ ᠱᠠᠭᠠᠷᠳᠠᠯᠭ᠎ᠠ ᠶᠢᠨ | ᠡᠮᠦᠨ᠎ᠡ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ | ᠺᠣᠮᠫᠠᠨᠢ ᠪᠣᠭᠤᠮᠲᠠ ᠶᠢᠨ ᠡᠯ᠎ᠡ ᠰᠠᠯᠠᠭ᠎ᠠ ᠮᠥᠴᠢᠷ ᠲᠠᠢ ᠬᠤᠯᠪᠣᠭᠠᠯᠠᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ | ᠲᠡᠷᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠣᠭᠤᠮᠲᠠ ᠰᠢᠪᠲᠤᠯᠬᠤ ᠶᠢ | ᠥᠷᠨᠢᠭᠦᠯᠵᠦ᠂ ︽ᠲᠣᠭᠠᠴᠢᠯᠠᠭᠰᠠᠨ ᠪᠣᠭᠤᠮᠲᠠ︾ ᠶᠢᠨ ᠰᠢᠰᠲ᠋ᠧᠮ ᠳᠤ ᠲᠦᠰᠢᠭᠯᠡᠨ ᠴᠠᠭᠠᠰᠤ ᠦᠭᠡᠢ ᠪᠠᠷ ᠪᠣᠭᠤᠮᠲᠠ | ᠥᠩᠭᠡᠷᠡᠬᠦ ᠶᠢ ᠦᠷᠭᠦᠯᠵᠢᠯᠡᠨ ᠠᠬᠢᠭᠤᠯᠵᠤ᠂ ᠥᠷᠭᠡᠨ ᠵᠠᠮᠲᠤ ᠬᠢᠯᠢ ᠪᠠᠷ ᠣᠷᠣᠵᠤ ᠢᠷᠡᠬᠦ ᠭᠠᠯᠲᠤ ᠲᠡᠷᠭᠡ ᠶᠢᠨ | ᠳᠤᠭᠤᠶᠢᠯᠠᠩ ᠢ ᠰᠢᠯᠢᠳᠡᠭᠵᠢᠭᠦᠯᠦᠨ᠂ ᠳᠤᠮᠳᠠᠳᠤ ᠮᠣᠩᠭᠤᠯ ᠤᠨ ᠬᠤᠭᠤᠷᠣᠨᠳᠤᠬᠢ ᠵᠠᠳᠠᠭᠠᠢ ᠣᠷᠣᠶ ᠶᠢᠨ ᠬᠠᠶᠢᠷᠴᠠᠭ ᠢ | ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ︽ᠨᠢᠭᠡ ᠲᠡᠷᠭᠡ ᠣᠯᠠᠨ ᠴᠢᠩᠭᠡᠯᠢᠭ︾ ᠤᠨ ᠲᠡᠭᠡᠭᠡᠪᠦᠷᠢ ᠶᠢᠨ BX70B | ᠬᠡᠯᠪᠡᠷᠢ ᠶᠢᠨ ᠴᠢᠩᠭᠡᠯᠢᠭ ᠤᠨ ᠲᠤᠰᠬᠠᠶ ᠬᠡᠷᠡᠭᠯᠡᠭᠡᠨ ᠤ ᠲᠡᠭᠰᠢ ᠲᠡᠷᠭᠡ ᠶᠢ ᠤᠷᠢᠳᠠᠪᠠᠷ ᠬᠡᠷᠡᠭᠯᠡᠵᠦ ᠪᠣᠯᠤᠨ᠎ᠠ᠃ ᠡᠷᠢᠶᠡᠨ | ᠥᠷᠲᠡᠭᠡ ᠬᠢᠭᠡᠳ ᠮᠣᠩᠭᠤᠯ ᠤᠯᠤᠰ ᠤᠨ ᠵᠠᠮ ᠤᠨ ᠡᠭᠦᠳᠡ ᠥᠷᠲᠡᠭᠡ ᠶᠢᠨ ︽ᠬᠤᠶᠠᠷ ᠥᠷᠲᠡᠭᠡ ᠶᠢ ᠨᠢᠭᠡ | ᠴᠣᠭᠴᠠᠵᠢᠭᠤᠯᠬᠤ︾ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠴᠢᠩᠭᠠᠳᠬᠠᠵᠤ᠂ ︽ᠡᠳᠦᠷ ᠤᠨ | ᠶᠠᠷᠢᠯᠴᠠᠭ᠎ᠠ᠂ ᠰᠠᠷ᠎ᠠ ᠶᠢᠨ ᠠᠭᠤᠯᠵᠠᠯᠲᠠ︾ ᠶᠢᠨ ᠶᠠᠷᠢᠯᠴᠠᠭᠠᠨ ᠤ ᠲᠣᠭᠲᠠᠴᠠ ᠶᠢ ᠬᠡᠷᠡᠭᠯᠡᠨ᠂ ᠠᠴᠢᠶᠠᠯᠠᠵᠤ | ᠪᠠᠭᠤᠯᠭᠠᠬᠤ᠂ ᠵᠣᠭᠰᠣᠭᠠᠬᠤ ᠦᠶ᠎ᠡ ᠶᠢᠨ ᠦᠷ᠎ᠡ ᠪᠦᠲᠦᠮᠵᠢ ᠶᠢᠨ ᠭᠦᠢᠴᠡᠳᠬᠡᠯ ᠲᠤᠭ᠎ᠠ ᠶᠢ ᠬᠠᠮᠲᠤᠷᠠᠨ ᠪᠠᠶᠢᠭᠤᠯᠵᠤ᠂ | ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃ | ᠡᠨᠡ ᠵᠢᠯ ᠠᠴᠠ ᠨᠠᠰᠢ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ᠂ ᠨᠠᠷᠢᠯᠢᠭ ᠣᠨᠣᠴᠠᠲᠠᠶ ᠪᠠᠷ ᠠᠴᠢᠶ᠎ᠠ | ᠲᠣᠬᠢᠷᠠᠭᠤᠯᠬᠤ ᠪᠠ ᠥᠨᠳᠥᠷ ᠪᠦᠲᠦᠮᠵᠢᠲᠡᠶ ᠪᠠᠷ ᠬᠠᠮᠲᠤᠷᠠᠨ ᠠᠵᠢᠯᠯᠠᠬᠤ ᠪᠠᠷ ᠳᠡᠮᠵᠢᠨ᠂ ᠡᠷᠢᠶᠡᠨ ᠬᠤᠲᠠ ᠶᠢᠨ | ᠲᠡᠮᠦᠷ ᠵᠠᠮ ᠤᠨ ᠪᠣᠭᠤᠮᠲᠠ ᠶᠢᠨ ᠬᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠶᠢ | ᠥᠨᠳᠥᠷ ᠪᠦᠲᠦᠮᠵᠢᠲᠡᠶ ᠪᠠᠷ ᠠᠵᠢᠯᠯᠠᠭᠤᠯᠬᠤ ᠶᠢ ᠪᠡᠶᠡᠯᠡᠭᠦᠯᠪᠡ᠃ ᠨᠢᠭᠡᠳᠦᠭᠡᠷ ᠤᠯᠠᠷᠢᠯ ᠳᠤ᠂ ᠡᠷᠢᠶᠡᠨ ᠬᠤᠲᠠ ᠶᠢᠨ | ᠲᠡᠮᠦᠷ ᠵᠠᠮ ᠤᠨ ᠪᠣᠭᠤᠮᠲᠠ ᠶᠢᠨ ᠲᠡᠷᠭᠡ ᠵᠣᠭᠰᠣᠬᠤ ᠴᠠᠭ ᠢ ᠠᠳᠠᠯᠢ ᠬᠤᠭᠤᠴᠠᠭᠠᠨ ᠤ ᠬᠢ ᠠᠴᠠ 19.7 ᠴᠠᠭ | ᠪᠣᠭᠤᠨᠢᠰᠬᠠᠵᠤ᠂ ᠪᠠᠷᠠᠭ᠎ᠠ ᠶᠢᠨ ᠠᠵᠢᠯ ᠵᠣᠭᠰᠣᠬᠤ ᠴᠠᠭ ᠢ ᠠᠳᠠᠯᠢ ᠬᠤᠭᠤᠴᠠᠭᠠᠨ ᠤ ᠬᠢ ᠠᠴᠠ 10.2 ᠴᠠᠭ | ᠪᠠᠭᠠᠰᠬᠠᠵᠤ᠂ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠨᠢ ᠨᠡᠶᠢᠲᠡ | 99.56 ᠲᠦᠮᠡᠨ ᠲᠣᠨ᠂ 9.17 ᠲᠦᠮᠡᠨ ᠪᠠᠷᠢᠮᠵᠢᠶᠠᠲᠤ ᠠᠪᠳᠠᠷ᠎ᠠ ᠶᠢ ᠵᠥᠭᠡᠭᠡᠪᠦᠷᠢᠯᠡᠨ ᠬᠦᠷᠭᠡᠪᠡ᠃ |