| | ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 450.9 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠵᠦ᠂ ᠲᠡᠤᠬᠡ ᠶᠢᠨ ᠰᠢᠨ᠎ᠡ ᠲᠡᠮᠳᠡᠭᠯᠡᠯ ᠢ | ᠡᠭᠦᠳᠪᠡ᠃ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠨᠢ 375.3 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.1% ᠪᠠᠷ ᠨᠡᠮᠡᠭᠳᠡᠪᠡ︔ ᠭᠠᠳᠠᠭᠠᠳᠤ ᠭᠠᠷᠭᠠᠯᠲᠠ ᠨᠢ 75.6 ᠲᠦᠮᠡᠨ ᠲᠣᠨ ᠳᠤ | ᠬᠦᠷᠴᠦ᠂ 3.9% ᠪᠠᠷ ᠪᠠᠭᠠᠰᠪᠠ᠃ | ᠡᠨᠡ ᠵᠢᠯ ᠠᠴᠠ ᠨᠠᠰᠢ᠂ ᠡᠷᠢᠶᠡᠨ ᠬᠤᠲᠠ ᠶᠢᠨ ᠪᠣᠭᠤᠮᠲᠠ ᠶᠢᠨ ᠬᠢᠨ ︽ᠭᠠᠭᠴᠠ ᠴᠣᠩᠬᠤᠪᠴᠢ︾ ᠶᠢᠨ | ᠤᠬᠠᠭᠤᠯᠭ᠎ᠠ ᠪᠠ ᠬᠡᠷᠡᠭᠯᠡᠭᠡᠨ ᠤ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ︽ | ᠭᠠᠭᠴᠠ ᠴᠣᠩᠬᠤᠪᠴᠢ︾ ᠪᠠᠷ ᠭᠤᠶᠤᠴᠢᠯᠠᠨ ᠮᠡᠳᠡᠭᠦᠯᠬᠦ ᠶᠢ ᠵᠢᠷᠤᠮᠵᠢᠭᠤᠯᠤᠨ᠂ ᠪᠣᠭᠤᠮᠲᠠ ᠶᠢᠨ ᠭᠠᠶᠢᠯᠢ | ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠯᠠᠪᠳᠠᠭᠤᠨ ᠪᠠᠲᠤᠲᠠᠶ ᠥᠷᠨᠢᠭᠦᠯᠵᠦ᠂ | ᠪᠣᠳᠠᠲᠠᠶ ᠠᠵᠢᠯ ᠢᠶᠠᠷ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠪᠣᠭᠤᠮᠲᠠ ᠶᠢᠨ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠳᠥᠭᠦᠮ ᠳᠥᠲᠡ ᠥᠨᠳᠥᠷ ᠪᠦᠲᠦᠮᠵᠢᠲᠡᠶ ᠪᠣᠭᠤᠮᠲᠠ ᠪᠠᠷ ᠥᠩᠭᠡᠷᠡᠬᠦ ᠶᠢ ᠪᠠᠲᠤᠯᠠᠪᠠ᠃ | ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠡᠷᠢᠶᠡᠨ ᠬᠤᠳᠠ ᠶᠢᠨ ᠪᠣᠭᠤᠮᠲᠠ ᠶᠢᠨ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠵᠦ᠂ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ | ᠢᠯᠡᠷᠡᠵᠡᠢ᠃ | ᠡᠨᠡ ᠵᠢᠯ ᠤᠨ 4 ᠰᠠᠷ᠎ᠠ ᠳᠤ ᠡᠷᠢᠶᠡᠨ ᠬᠤᠲᠠ ᠶᠢᠨ ᠪᠣᠭᠤᠮᠲᠠ ᠶᠢᠨ ᠬᠢᠨ ᠠᠩᠬ᠎ᠠ ᠤᠳᠠᠭ᠎ᠠ BX70B | ᠬᠡᠯᠪᠡᠷᠢ ᠶᠢᠨ ᠴᠢᠩᠭᠡᠯᠢᠭ ᠤᠨ ᠲᠤᠰᠬᠠᠶ ᠬᠡᠷᠡᠭᠯᠡᠭᠡᠨ ᠤ ᠡᠩ ᠤᠨ ᠲᠡᠷᠭᠡ ᠶᠢ ᠬᠡᠷᠡᠭᠯᠡᠵᠦ᠂ ᠪᠠᠷᠠᠭ᠎ᠠ ᠲᠡᠭᠡᠭᠡᠪᠦᠷᠢᠯᠡᠬᠦ | ᠬᠡᠮᠵᠢᠶ᠎ᠡ ᠶᠢ ᠤᠤᠯ ᠤᠨ ᠨᠢᠭᠡ ᠬᠠᠶᠢᠷᠴᠠᠭ ᠨᠢᠭᠡ ᠬᠠᠶᠢᠷᠴᠠᠭ ᠨᠢᠭᠡ ᠬᠠᠶᠢᠷᠴᠠᠭ ᠤᠯᠠᠨ ᠬᠠᠶᠢᠷᠴᠠᠭ ᠪᠣᠯᠭᠠᠨ | ᠬᠤᠪᠢᠷᠠᠭᠤᠯᠵᠤ᠂ ᠪᠠᠷᠠᠭ᠎ᠠ ᠲᠡᠭᠡᠭᠡᠪᠦᠷᠢᠯᠡᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠭᠰᠡᠨ ᠤ ᠬᠠᠮᠲᠤ ᠪᠠᠰᠠ | ᠲᠠᠷᠠᠭᠠᠴᠢ ᠶᠢᠨ ᠠᠯᠬᠤᠮ ᠳᠤ ᠬᠦᠢᠳᠡᠨ ᠬᠡᠯᠬᠢᠶᠡᠲᠦ ᠵᠢᠰᠢᠶᠠᠨ ᠤ ᠭᠠᠯᠲᠤ ᠲᠡᠷᠭᠡ ᠶᠢ ᠰᠦᠪᠡᠭᠴᠢᠯᠡᠨ ᠶᠠᠪᠤᠭᠤᠯᠬᠤ ᠳᠤ | ᠰᠠᠭᠤᠷᠢ ᠲᠠᠯᠪᠢᠵᠤ ᠥᠭᠴᠡᠶ᠃ |