ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠂ ᠢᠨᠲ᠋ᠧᠷ ᠰᠦᠯᠵᠢᠶᠡᠨ ᠤ ᠮᠡᠳᠡᠭᠡ ᠵᠠᠩᠭᠢ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠵᠡᠷᠭᠡ ᠠᠵᠢᠯ ᠢ ᠰᠤᠳ᠋᠊
ᠨᠡᠶᠢᠲᠡᠯᠡᠭᠰᠡᠨ ᠴᠠᠭ᠄
2025/4/22
      4 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 2025 ᠣᠨ ᠤ 13 ᠳ᠋ᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠢ ᠡᠷᠭᠢᠯᠡᠪᠡ᠃       ᠬᠤᠷᠠᠯ ᠠᠴᠠ 3 ᠰᠠᠷ᠎ᠠ ᠶᠢᠨ 31 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠬᠤ ᠪᠠ ᠲᠥᠪ ᠤᠨ ᠡᠷᠬᠢᠨ ᠲᠣᠭᠤᠷᠢᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠲᠠ ᠪᠠᠷ ᠢᠶᠠᠨ ᠲᠣᠭᠤᠷᠢᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠶ ᠬᠠᠮᠵᠢᠯᠴᠠᠨ ᠰᠠᠶᠢᠲᠤᠷ ᠬᠢᠵᠦ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ ᠬᠤᠭᠤᠴᠠᠭᠠᠨ ᠳᠠᠬᠢ ᠲᠤᠰᠢᠶᠠᠨ ᠰᠢᠢᠳᠪᠦᠷᠢᠯᠡᠭᠦᠯᠦᠭᠰᠡᠨ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠬᠡᠷᠡᠭᠲᠡᠶ︔ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠪᠣᠳᠠᠲᠠᠶ ᠶᠢ ᠡᠷᠬᠢᠮᠯᠡᠭᠰᠡᠨ ᠲᠤᠰᠠᠲᠠᠶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠦᠷᠢᠮ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ︔ ᠬᠡᠯᠪᠡᠷᠢ ᠶᠢᠨ ᠰᠢᠨ᠎ᠡ ᠶᠢ ᠡᠭᠦᠳᠴᠦ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠥᠷᠨᠢᠭᠦᠯᠵᠦ᠂ ᠤᠯᠠᠮ ᠨᠢᠭᠡ ᠠᠯᠬᠤᠮ ᠨᠣᠭᠤᠭᠠᠷᠠᠭᠤᠯᠵᠤ ᠨᠣᠭᠤᠭᠠᠷᠠᠭᠤᠯᠵᠤ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠮᠣᠩᠭᠤᠯ ᠲᠠᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠢ᠃       ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠠᠵᠢᠯ ᠢ ᠰᠤᠳᠤᠯᠤᠨ ᠪᠠᠶᠢᠷᠢᠯᠠᠭᠤᠯᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠨᠡᠮᠡᠭᠳᠡᠭᠦᠯᠦᠨ᠂ ᠤᠯᠤᠰ ᠠᠴᠠ ᠲᠣᠭᠲᠠᠭᠠᠭᠰᠠᠨ ᠠᠯᠢ ᠣᠯᠠᠨ ᠲᠥᠷᠥ ᠶᠢᠨ ᠪᠣᠳᠣᠯᠭ᠎ᠠ ᠶᠢᠨ ᠴᠢᠬᠤᠯᠠ ᠶᠡᠭᠡ ᠠᠰᠢᠭ ᠲᠤᠰᠠ ᠶᠢ ᠠᠳᠬᠤᠵᠤ᠂ ᠲᠥᠷᠥ ᠶᠢᠨ ᠪᠣᠳᠣᠯᠭ᠎ᠠ ᠶᠢ ᠢᠳᠡᠪᠬᠢᠲᠡᠶ ᠲᠡᠮᠡᠴᠡᠨ ᠣᠯᠵᠤ᠂ ᠪᠠᠯᠠ ᠮᠥᠩᠭᠦ ᠶᠢᠨ ᠪᠣᠭᠤᠮᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠡᠳ᠋ ᠤᠨ ᠵᠠᠰᠠᠭ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠨ᠂ ᠪᠠᠯᠠ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠦᠷᠢᠮ ᠲᠣᠭᠲᠠᠭᠠᠯ ᠶᠣᠰᠣᠭᠠᠷ ᠠᠵᠢᠯᠯᠠᠵᠤ᠂ ᠲᠦᠷᠢᠮ ᠲᠣᠭᠲᠠᠭᠠᠯ ᠶᠣᠰᠣᠭᠠᠷ ᠵᠣᠭᠤᠰ ᠭᠠᠷᠭᠠᠵᠤ᠂ ᠵᠣᠭᠤᠰ ᠨᠢᠭᠡᠪᠦᠷᠢ ᠶᠢ ᠴᠥᠮ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠬᠦ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠪᠣᠯᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠢ ᠰᠤᠳᠤᠯᠤᠨ ᠪᠠᠶᠢᠷᠢᠯᠠᠭᠤᠯᠵᠤ᠂ ᠵᠥᠪ ᠲᠠᠯ᠎ᠠ ᠶᠢᠨ ᠤᠬᠠᠭᠤᠯᠭ᠎ᠠ ᠪᠣᠯᠤᠨ ᠶᠠᠷᠢᠶ᠎ᠠ ᠬᠡᠯᠡᠯᠴᠡᠭᠡᠨ ᠤ ᠵᠢᠯᠤᠭᠤᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠰᠢᠨ᠎ᠡ ᠵᠠᠭᠤᠴᠢᠯᠠᠭᠤᠷ ᠤᠨ ᠰᠦᠯᠵᠢᠶᠡᠨ ᠤ ᠳᠠᠮᠵᠢᠭᠤᠯᠭ᠎ᠠ ᠶᠢᠨ ᠲᠠᠪᠴᠠᠩ ᠢ ᠰᠠᠶᠢᠲᠤᠷ ᠠᠰᠢᠭᠯᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠰᠡᠳᠬᠢᠯ ᠢ ᠨᠢᠭᠲᠠᠷᠠᠭᠤᠯᠵᠤ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠵᠤ᠂ ᠡᠷᠢᠶᠡᠨ ᠤ ᠦᠯᠢᠭᠡᠷ ᠢ ᠨᠡᠩ ᠰᠠᠶᠢᠲᠤᠷ ᠤᠬᠠᠭᠤᠯᠵᠤ᠂ ᠡᠷᠢᠶᠡᠨ ᠤ ᠦᠯᠢᠭᠡᠷ ᠢ ᠰᠠᠶᠢᠲᠤᠷ ᠶᠠᠷᠢᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠢ ᠰᠤᠳᠤᠯᠤᠨ ᠪᠠᠶᠢᠷᠢᠯᠠᠭᠤᠯᠵᠤ᠂ ︽ᠬᠤᠶᠠᠷ ᠢ ᠬᠦᠷᠢᠶᠡᠯᠡᠬᠦ ᠵᠢᠱᠢᠶᠡᠴᠢ ᠬᠤᠳᠠ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠪᠠᠨ ᠴᠢᠩᠭᠠᠳᠬᠠᠵᠤ᠂ ᠲᠠᠶᠢᠨ ᠳᠤ ᠪᠡᠯᠡᠳᠬᠡᠵᠦ ᠲᠠᠶᠢᠨ ᠬᠢᠬᠦ ᠳᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠴᠡᠷᠢᠭ ᠠᠴᠠ ᠬᠠᠯᠠᠭᠳᠠᠭᠰᠠᠳ ᠢ ᠬᠠᠷᠠᠭᠠᠯᠵᠠᠨ ᠲᠥᠪᠬᠢᠨᠡᠭᠦᠯᠬᠦ᠂ ᠠᠵᠢᠯ ᠣᠯᠵᠤ ᠦᠢᠯᠡᠰ ᠪᠤᠰᠬᠠᠬᠤ᠂ ᠠᠮᠢᠳᠤᠷᠠᠯ ᠢ ᠪᠠᠲᠤᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠡᠷᠢᠭ ᠢ ᠡᠷᠬᠢᠮᠯᠡᠨ ᠴᠡᠷᠢᠭ ᠢᠶᠠᠨ ᠬᠦᠷᠢᠶᠡᠯᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号