【 ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠤᠨ ᠳᠤᠮᠳᠠᠳᠤ ᠶᠢᠨ ᠰᠣᠶᠣᠯ ᠤᠨ ᠰᠤᠳᠠᠰᠤ ᠶᠢ ᠦᠷᠭᠦᠯᠵᠢᠯᠡᠭᠦᠯᠦᠶ᠎ᠡ 】 ᠭᠤᠷᠪᠠᠳᠤᠭᠠᠷ ᠦᠶ᠎ᠡ ᠶᠢᠨ ᠮᠣᠩᠭᠤᠯ ᠤᠷᠠᠨ ᠪᠢᠴᠢᠯᠭᠡ ᠶᠢᠨ ᠤᠯᠠᠮᠵᠢᠯᠠᠭᠴᠢ ᠰᠠᠶᠢᠨᠴᠣᠭᠲᠤ᠄ ᠪᠢᠷ ᠢᠶᠠᠷ ᠵᠢᠭᠦᠷ ᠪᠣᠯᠭᠠᠨ ᠮᠣᠩᠭᠤᠯ ᠤᠷᠠᠨ ᠪᠢᠴᠢᠯᠭᠡ ᠶᠢᠨ ᠭᠡᠷᠡᠯ ᠭᠢᠯᠪᠠᠭ᠎ᠠ ᠶᠢ ᠤᠯᠠᠮᠵᠢᠯᠠᠨ ᠵᠠᠯᠭᠠᠮᠵᠢᠯᠠᠪᠠ
ᠨᠡᠶᠢᠲᠡᠯᠡᠭᠰᠡᠨ ᠴᠠᠭ᠄
2025/4/23
      ᠬᠤᠲᠠ ᠶᠢᠨ ᠲᠠᠪᠤᠳᠤᠭᠠᠷ ᠪᠠᠭ᠎ᠠ ᠰᠤᠷᠭᠠᠭᠤᠯᠢ ᠶᠢᠨ ᠪᠠᠭᠰᠢ ᠰᠠᠶᠢᠨᠴᠣᠭᠲᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠮᠣᠩᠭᠤᠯ ᠤᠷᠠᠨ ᠪᠢᠴᠢᠯᠭᠡ ᠶᠢᠨ ᠭᠤᠷᠪᠠᠳᠤᠭᠠᠷ ᠦᠶ᠎ᠡ ᠶᠢᠨ ᠤᠯᠠᠮᠵᠢᠯᠠᠭᠴᠢ ᠪᠣᠯᠤᠭᠰᠠᠨ ᠤ ᠬᠤᠪᠢ ᠳᠤ᠂ ᠪᠢᠷ ᠢᠶᠠᠷ ᠬᠥᠭᠦᠷᠭᠡ ᠪᠣᠯᠭᠠᠵᠤ᠂ ᠪᠡᠭᠡ ᠪᠠᠷ ᠬᠤᠯᠪᠣᠭᠠᠰᠤ ᠪᠣᠯᠭᠠᠨ᠂ ᠮᠣᠩᠭᠤᠯ ᠤᠷᠠᠨ ᠪᠢᠴᠢᠯᠭᠡ ᠶᠢᠨ ᠤᠷᠠᠯᠢᠭ ᠢ ᠣᠲᠣ ᠦᠶ᠎ᠡ ᠶᠢᠨ ᠰᠤᠷᠭᠠᠨ ᠬᠥᠮᠦᠵᠢᠯ ᠤᠨ ᠰᠢᠰᠲ᠋ᠧᠮ ᠳᠤ ᠠᠭᠤᠰᠤᠯᠴᠠᠭᠤᠯᠤᠨ᠎ᠠ᠃ ᠡᠨᠡ ᠬᠦ ᠰᠢᠨ᠎ᠡ ᠶᠢ ᠡᠭᠦᠳᠬᠦ ᠦᠢᠯᠡᠳᠦᠯᠭᠡ ᠨᠢ ᠦᠨᠳᠦᠰᠦᠲᠡᠨ ᠤ ᠰᠣᠶᠣᠯ ᠢ ᠪᠦᠲᠦᠮᠵᠢᠲᠡᠢ ᠤᠯᠠᠮᠵᠢᠯᠠᠭᠰᠠᠨ ᠢᠶᠠᠷ ᠪᠠᠷᠠᠬᠤ ᠦᠭᠡᠢ᠂ ᠨᠡᠩ ᠴᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠳᠤ ᠴᠠᠭ ᠦᠶ᠎ᠡ ᠶᠢᠨ ᠠᠮᠢᠵᠢᠷᠠᠯ ᠤᠨ ᠬᠦᠴᠦᠨ ᠢ ᠨᠡᠮᠡᠷᠢᠯᠡᠵᠦ᠂ ᠰᠣᠶᠣᠯ ᠤᠨ ᠨᠡᠪᠴᠢᠯᠲᠡ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠴᠣ ᠰᠢᠨ᠎ᠡ ᠬᠠᠭᠤᠳᠠᠰᠤ ᠶᠢ ᠪᠢᠴᠢᠭᠯᠡᠵᠦ ᠪᠠᠶᠢᠨ᠎ᠠ᠃
    ᠮᠣᠩᠭᠤᠯ ᠤᠷᠠᠨ ᠪᠢᠴᠢᠯᠭᠡ ᠨᠢ ᠲᠠᠯ᠎ᠠ ᠨᠤᠲᠤᠭ ᠤᠨ ᠰᠣᠶᠣᠯ ᠤᠨ ᠤᠷᠠᠯᠢᠭ ᠤᠨ ᠦᠨᠡᠲᠦ ᠡᠷᠳᠡᠨᠢ ᠪᠣᠯᠤᠭᠰᠠᠨ ᠤ ᠬᠤᠪᠢ ᠳᠤ᠂ ᠲᠡᠭᠦᠨ ᠤ ᠵᠣᠬᠢᠶᠠᠨ ᠪᠦᠲᠦᠭᠡᠬᠦ ᠰᠢᠰᠲ᠋ᠧᠮ ᠨᠢ ᠪᠢᠷ᠂ ᠪᠡᠭᠡ᠂ ᠴᠠᠭᠠᠰᠤ ᠪᠠᠷ ᠦᠨᠳᠦᠰᠦᠨ ᠠᠴᠢᠶᠠᠯᠠᠪᠤᠷᠢ ᠪᠣᠯᠭᠠᠵᠤ᠂ ᠥᠪᠡᠷᠮᠢᠴᠡ ᠣᠨᠴᠠᠯᠢᠭ ᠲᠠᠢ ᠵᠥᠭᠡᠯᠡᠨ ᠪᠢᠷ ︵ᠦᠰᠦᠨ ᠪᠢᠷ︶ ᠪᠣᠯᠤᠨ ᠬᠠᠲᠠᠭᠤ ᠪᠢᠷ ᠤᠨ ᠦᠵᠦᠭ ︵ᠬᠤᠯᠤᠰᠤᠨ ᠪᠢᠷ᠂ ᠥᠳᠦ᠂ ᠶᠠᠰᠤᠨ ᠱᠣᠰᠢᠭ᠎ᠠ︶ ᠤᠨ ᠬᠤᠣᠰ ᠵᠠᠮ ᠤᠨ ᠪᠢᠴᠢᠯᠭᠡ ᠶᠢᠨ ᠰᠢᠰᠲ᠋ᠧᠮ ᠢ ᠪᠦᠷᠢᠯᠳᠦᠭᠦᠯᠦᠨ᠎ᠡ᠃ ᠡᠶᠢᠮᠦ ᠤᠷᠠᠯᠢᠭ ᠤᠨ ᠬᠡᠯᠪᠡᠷᠢ ᠨᠢ ᠪᠣᠰᠤᠭ᠎ᠠ ᠬᠡᠯᠪᠡᠷᠢ ᠶᠢᠨ ᠪᠦᠲᠦᠴᠡ ᠶᠢᠨ  ᠰᠢᠰᠲ᠋ᠧᠮ ᠲᠠᠢ᠂ ᠦᠰᠦᠭ ᠤᠨ ᠡᠬᠢᠨ ᠤ᠂ ᠦᠰᠦᠭ ᠤᠨ ᠳᠤᠮᠳᠠ᠂ ᠦᠰᠦᠭ ᠤᠨ ᠰᠡᠭᠦᠯ ᠤᠨ ᠳᠠᠭᠤᠳᠠᠯᠭ᠎ᠠ ᠪᠠᠷ ︽ᠦᠰᠦᠭ ᠤᠨ ᠳᠤᠭᠤᠢ ᠲᠡᠷᠭᠡ︾ ᠬᠡᠯᠪᠡᠷᠢ ᠳᠦᠷᠰᠦ ᠶᠢᠨ ᠣᠨᠴᠠᠯᠢᠭ ᠢ ᠪᠦᠷᠢᠯᠳᠦᠭᠦᠯᠵᠡᠢ᠃ ᠨᠡᠩ ᠨᠠᠷᠢᠯᠢᠭ ᠰᠠᠶᠢᠬᠠᠨ ᠨᠢ᠂ ᠬᠥᠳᠡᠯᠦᠩᠭᠦᠢ ᠲᠡᠩᠴᠡᠭᠦᠷᠢ ᠶᠢᠨ ᠪᠠᠶᠢᠷᠢᠭᠤᠯᠤᠯᠲᠠ ᠳᠤ᠂ ᠦᠰᠦᠭ ᠲᠡᠮᠳᠡᠭ ᠪᠦᠷᠢ ᠨᠢ ᠪᠡᠶ᠎ᠡ ᠪᠠᠨ ᠳᠠᠭᠠᠭᠠᠭᠰᠠᠨ ᠪᠠᠶᠢᠳᠠᠯ ᠢᠶᠠᠨ ᠪᠠᠲᠤᠯᠠᠬᠤ ᠮᠥᠷᠲᠡᠭᠡᠨ ᠬᠠᠷᠠᠭᠠᠨ ᠤ ᠰᠡᠷᠡᠯᠲᠡ ᠵᠠᠯᠭᠠᠯᠳᠤᠨ᠎ᠠ᠃ ᠮᠢᠩᠭ᠎ᠠ ᠲᠦᠮᠡᠨ ᠬᠤᠪᠢᠷᠠᠯᠲᠠ ᠲᠠᠢ ᠵᠠᠩᠭᠢᠶᠠᠰᠤ ᠶᠢᠨ ᠶᠠᠩᠵᠤ ᠨᠢ ᠲᠠᠯ᠎ᠠ ᠨᠤᠲᠤᠭ ᠤᠨ ᠬᠡ ᠤᠭᠠᠯᠵᠠ ᠰᠢᠭ᠋ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠬᠠᠮᠤᠭ ᠡᠴᠦᠰ ᠲᠤ ᠦᠰᠦᠭ ᠳᠣᠲᠣᠷᠠᠬᠢ ᠵᠢᠷᠤᠭ᠂ ᠵᠢᠷᠤᠭ ᠳᠣᠲᠣᠷᠠᠬᠢ ᠦᠰᠦᠭ ᠪᠦᠬᠦᠢ ᠭᠤᠸ᠎ᠠ ᠰᠠᠶᠢᠬᠠᠨ ᠤ ᠠᠬᠤᠢ ᠪᠠᠶᠢᠳᠠᠯ ᠢ ᠪᠠᠶᠢᠭᠤᠯᠵᠦ᠂ ᠦᠰᠦᠭ ᠪᠢᠴᠢᠭ ᠤᠨ ᠴᠢᠳᠠᠮᠵᠢ ᠪᠠ ᠤᠷᠠᠯᠢᠭ ᠤᠨ ᠦᠨ᠎ᠡ ᠥᠷᠲᠡᠭ ᠲᠠᠢ ᠰᠣᠶᠣᠯ ᠤᠨ ᠠᠴᠢᠶᠠᠯᠠᠪᠤᠷᠢ ᠪᠣᠯᠭᠠᠨ᠎ᠠ᠃
     ᠰᠠᠶᠢᠨᠴᠣᠭᠲᠤ ᠪᠣᠯᠤᠨ ᠮᠣᠩᠭᠤᠯ ᠤᠷᠠᠨ ᠪᠢᠴᠢᠯᠭᠡ ᠶᠢᠨ ᠤᠴᠠᠷᠠᠯ ᠲᠠᠯ᠎ᠠ ᠨᠤᠲᠤᠭ ᠤᠨ ᠪᠣᠯᠪᠠᠰᠤᠨ ᠤ ᠭᠧᠨ ᠤ ᠤᠯᠠᠮᠵᠢᠯᠠᠯ᠃ ᠮᠠᠯᠵᠢᠬᠤ ᠣᠷᠣᠨ ᠤ ᠠᠮᠢᠳᠤᠷᠠᠯ ᠳᠤ ᠲᠡᠷᠡ ᠪᠠᠭ᠎ᠠ ᠠᠴᠠ ᠪᠠᠨ ᠮᠣᠩᠭᠤᠯ ᠤᠷᠠᠨ ᠪᠢᠴᠢᠯᠭᠡ ᠳᠤ ᠮᠠᠰᠢ ᠰᠣᠨᠢᠷᠬᠠᠯ ᠲᠠᠢ ᠪᠠᠶᠢᠪᠠ᠃ ᠤᠭ ᠰᠠᠨᠠᠭ᠎ᠠ ᠨᠢ ᠲᠡᠭᠦᠨ ᠢ ᠥᠰᠦᠨ ᠪᠤᠶᠢᠵᠢᠬᠤ ᠶᠠᠪᠤᠴᠠ ᠳᠤ ᠪᠠᠨ ᠮᠣᠩᠭᠤᠯ ᠤᠷᠠᠨ ᠪᠢᠴᠢᠯᠭᠡ ᠶᠢᠨ ᠤᠷ᠎ᠠ ᠮᠡᠷᠭᠡᠵᠢᠯ ᠪᠣᠯᠤᠨ ᠰᠤᠶᠤᠯ ᠤᠨ ᠠᠭᠤᠯᠭ᠎ᠠ ᠶᠢ ᠢᠮᠠᠭᠲᠠ ᠰᠤᠳᠤᠯᠵᠤ ᠪᠠᠶᠢᠨ᠎ᠠ᠃ ᠤᠷᠠᠯᠢᠭ ᠤᠨ ᠲᠠᠨᠢᠯᠲᠠ ᠶᠢᠨ ᠭᠦᠨᠵᠡᠭᠡᠶᠢᠷᠡᠬᠦ ᠶᠢ ᠳᠠᠭᠠᠯᠳᠤᠨ᠂ ᠲᠡᠷᠡ ᠤᠯᠠᠮ ᠤᠬᠠᠮᠰᠠᠷᠠᠵᠤ᠂ ᠲᠣᠭᠠᠴᠢᠯᠠᠭᠰᠠᠨ ᠤᠷᠤᠰᠬᠠᠯ ᠤᠨ ᠲᠠᠭᠠᠷᠢᠯᠲᠠ ᠶᠢᠨ ᠳᠣᠣᠷ᠎ᠠ᠂ ᠡᠨᠡ ᠬᠦ ᠨᠡᠭᠦᠳᠡᠯ ᠮᠠᠯᠵᠢᠯ ᠤᠨ ᠪᠣᠯᠪᠠᠰᠤᠨ ᠤ ᠨᠢᠭᠤᠴᠠ ᠨᠣᠮᠧᠷ ᠢ ᠠᠴᠢᠶᠠᠯᠠᠵᠤ ᠪᠠᠶᠢᠭ᠎ᠠ ᠠᠮᠢᠳᠤ ᠥᠪ ᠢ ᠤᠯᠠᠮᠵᠢᠯᠠᠨ ᠵᠠᠯᠭᠠᠮᠵᠢᠯᠠᠬᠤ ᠬᠢᠮᠤᠷᠠᠯ ᠳᠤ ᠲᠤᠯᠭᠠᠷᠠᠵᠤ ᠪᠠᠶᠢᠨ᠎ᠠ᠃ ᠡᠨᠡ ᠬᠦ ᠲᠠᠨᠢᠯᠲᠠ ᠨᠢ ᠲᠡᠭᠦᠨ ᠢ ᠳᠠᠩ ᠴᠤᠯᠭᠤᠶ ᠤᠷ᠎ᠠ ᠮᠡᠷᠭᠡᠵᠢᠯ ᠤᠨ ᠤᠯᠠᠮᠵᠢᠯᠠᠭᠴᠢ ᠠᠴᠠ ᠪᠣᠯᠭᠠᠨ ᠬᠤᠪᠢᠷᠠᠭᠤᠯᠵᠤ ᠰᠣᠶᠣᠯ ᠤᠨ ᠬᠠᠮᠠᠭᠠᠯᠠᠭᠴᠢ ᠪᠣᠯᠭᠠᠵᠤ᠂ ᠪᠢᠷ ᠪᠡᠬᠡᠰ ᠢᠶᠠᠷ ᠣᠩᠭᠤᠴᠠ ᠰᠠᠯ ᠪᠣᠯᠭᠠᠵᠤ᠂ ᠤᠯᠠᠮᠵᠢᠯᠠᠯ ᠪᠠ ᠣᠳᠣ ᠦᠶ᠎ᠡ ᠶᠢᠨ ᠰᠢᠷᠦᠭᠦᠨ ᠤᠷᠤᠰᠬᠠᠯ ᠳᠤ ᠦᠨᠳᠦᠰᠦᠲᠡᠨ ᠤ ᠰᠣᠶᠣᠯ ᠤᠨ DNA ᠶᠢ ᠰᠠᠬᠢᠨ ᠬᠠᠮᠠᠭᠠᠯᠠᠵᠤ ᠪᠠᠶᠢᠨ᠎ᠠ᠃      ᠰᠠᠶᠢᠨᠴᠣᠭᠲᠤ ᠬᠤᠲᠠ ᠶᠢᠨ ᠲᠠᠪᠤᠳᠤᠭᠠᠷ ᠪᠠᠭ᠎ᠠ ᠰᠤᠷᠭᠠᠭᠤᠯᠢ ᠳᠤ ᠭᠤᠴᠢᠨ ᠵᠢᠯ ᠵᠢᠳᠭᠦᠪᠡ᠃ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠪᠣᠯᠤᠭᠰᠠᠨ ᠤ ᠬᠤᠪᠢ ᠳᠤ᠂ 2017 ᠣᠨ ᠳᠤ ᠲᠡᠷᠡ ᠨᠢᠭᠡᠨ ᠴᠢᠬᠤᠯᠠ ᠲᠣᠭᠲᠠᠭᠠᠯ ᠭᠠᠷᠭᠠᠵᠤ᠂ ᠲᠠᠪᠤᠳᠤᠭᠠᠷ ᠪᠠᠭ᠎ᠠ ᠰᠤᠷᠭᠠᠭᠤᠯᠢ ᠳᠤ ᠮᠣᠩᠭᠤᠯ ᠤᠷᠠᠨ ᠪᠢᠴᠢᠯᠭᠡ ᠶᠢᠨ ᠬᠢᠴᠢᠶᠡᠯ ᠢ ᠡᠷᠬᠢᠯᠡᠪᠡ᠃ ᠬᠡᠦᠬᠡᠳ ᠪᠣᠯ ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠢᠷᠡᠭᠡᠳᠦᠢ ᠪᠠ ᠬᠦᠰᠡᠯ ᠡᠷᠡᠮᠡᠯᠵᠡᠯ ᠮᠥᠨ ᠭᠡᠳᠡᠭ ᠢ ᠲᠡᠷᠡ ᠰᠠᠶᠢᠨ ᠣᠶᠢᠯᠠᠭᠠᠵᠤ ᠴᠢᠳᠠᠨ᠎ᠠ᠃       ᠲᠡᠷᠡ ᠡᠳᠦᠷ ᠪᠦᠷᠢ ᠴᠠᠭ ᠭᠠᠷᠭᠠᠵᠤ᠂ ᠬᠡᠦᠬᠡᠳ ᠳᠡᠭᠡᠨ ᠮᠣᠩᠭᠤᠯ ᠤᠷᠠᠨ ᠪᠢᠴᠢᠯᠭᠡ ᠵᠢᠭᠠᠳᠠᠭ᠃ ᠬᠢᠴᠢᠶᠡᠯ ᠤᠨ ᠲᠠᠩᠬᠢᠮ ᠳᠤ ᠰᠠᠶᠢᠨᠴᠣᠭᠲᠤ ᠦᠷᠭᠦᠯᠵᠢ ᠬᠡᠦᠬᠡᠳ ᠢ ᠵᠢᠯᠣᠭᠤᠳᠴᠤ᠂ ᠬᠠᠮᠤᠭ ᠤᠨ ᠦᠨᠳᠦᠰᠦᠨ ᠪᠢᠷ ᠠᠳᠬᠤᠵᠤ ᠪᠠᠶᠢᠭ᠎ᠠ ᠪᠠᠶᠢᠳᠠᠯ᠂ ᠪᠢᠷ ᠡᠷᠭᠢᠭᠦᠯᠦᠨ ᠵᠢᠷᠤᠵᠤ ᠵᠢᠷᠤᠬᠤ ᠡᠷᠴᠢᠮ ᠪᠠ ᠠᠶᠢᠵᠠᠮ ᠠᠴᠠ ᠲᠡᠷᠡ ᠴᠥᠮ ᠦᠯᠢᠭᠡᠷ ᠵᠢᠱᠢᠶ᠎ᠡ ᠦᠵᠡᠭᠦᠯᠵᠦ᠂ ᠬᠡᠦᠬᠡᠳ ᠤᠳ ᠤᠨ ᠠᠯᠳᠠᠭ᠎ᠠ ᠪᠤᠷᠤᠭᠤ ᠶᠢ ᠵᠠᠯᠠᠷᠠᠭᠤᠯᠬᠤ ᠦᠭᠡᠢ ᠪᠠᠶᠢᠳᠠᠭ᠃ ᠲᠡᠷᠡ ᠪᠠᠷ ᠴᠠᠭᠠᠨ ᠲᠣᠯᠣᠭᠠᠢ ᠪᠦᠷᠢ ᠶᠢᠨ ᠬᠡᠯᠪᠡᠷᠢ ᠪᠠᠢᠳᠠᠯ ᠤᠨ ᠣᠨᠴᠠᠯᠢᠭ ᠪᠣᠯᠤᠨ ᠠᠳᠠᠯᠢ ᠪᠤᠰᠤ ᠦᠰᠦᠭ ᠤᠨ ᠲᠢᠭ ᠲᠤ ᠥᠭᠡᠷᠡᠴᠢᠯᠡᠯᠲᠡ ᠬᠢᠵᠦ᠂ ᠬᠡᠦᠬᠡᠳ ᠤᠳ ᠲᠤ ᠣᠩᠭᠤᠯ ᠤᠷᠠᠨ ᠪᠢᠴᠢᠯᠭᠡ ᠶᠢᠨ ᠲᠥᠪ ᠴᠢᠩᠭ᠎ᠠ ᠪᠥᠭᠡᠳ ᠭᠤᠶᠣ ᠰᠠᠶᠢᠬᠠᠨ ᠪᠠᠶᠢᠳᠠᠯ ᠢ ᠣᠶᠢᠯᠠᠭᠠᠭᠤᠯᠪᠠ᠃ ᠲᠡᠷᠡ ᠪᠠᠷ ᠮᠣᠩᠭᠤᠯ ᠤᠷᠠᠨ ᠪᠢᠴᠢᠯᠭᠡ ᠶᠢᠨ ᠲᠡᠦᠬᠡ ᠪᠠ ᠰᠣᠶᠣᠯ ᠤᠨ ᠠᠬᠤᠢ ᠪᠠᠶᠢᠳᠠᠯ ᠢ ᠵᠢᠭᠠᠨ ᠰᠤᠷᠭᠠᠯᠲᠠᠨ ᠳᠤ ᠡᠮᠦᠰᠴᠦ᠂ ᠬᠡᠦᠬᠡᠳ ᠤᠳ ᠲᠤ ᠡᠨᠡ ᠨᠢ ᠵᠥᠪᠬᠡᠨ ᠨᠢᠭᠡᠨ ᠵᠦᠢᠯ ᠤᠨ ᠪᠢᠴᠢᠯᠭᠡ ᠶᠢᠨ ᠤᠷᠠᠯᠢᠭ ᠪᠣᠯᠬᠤ ᠪᠠᠷ ᠪᠠᠷᠠᠬᠤ ᠦᠭᠡᠢ᠂ ᠨᠠᠩ ᠴᠤ ᠮᠣᠩᠭᠤᠯ ᠦᠨᠳᠦᠰᠦᠲᠡᠨ ᠤ ᠰᠣᠶᠣᠯ ᠤᠨ ᠴᠢᠬᠤᠯᠠ ᠠᠴᠢᠶᠠᠯᠠᠪᠤᠷᠢ ᠪᠣᠯᠬᠤ ᠶᠢ ᠣᠶᠢᠯᠠᠭᠠᠭᠤᠯᠪᠠ᠃
       ᠬᠡᠦᠬᠡᠳ ᠤᠳ ᠨᠢ ᠬᠠᠮᠤᠭ ᠠᠩᠬᠠᠨ ᠳᠠᠭᠠᠨ ᠪᠠᠭ᠋ᠠᠲᠠᠢ ᠪᠠᠢᠭᠰᠠᠨ ᠠᠴᠠ ᠪᠠᠨ ᠤᠯᠠᠮ ᠤᠯᠠᠮ ᠪᠠᠭ᠋ᠠᠲᠠᠢ ᠪᠣᠯᠵᠤ ᠬᠤᠪᠢᠷᠠᠪᠠ᠃ ᠵᠠᠷᠢᠮ ᠬᠡᠦᠬᠡᠳ ᠬᠢᠴᠢᠶᠡᠯ ᠳᠡᠭᠡᠨ ᠵᠠᠪ ᠭᠠᠷᠭᠠᠵᠤ ᠪᠠᠶᠢᠭᠠᠳ ᠬᠢᠴᠢᠶᠡᠯ ᠣᠷᠣᠳᠠᠭ ᠪᠥᠭᠡᠳ ᠠᠰᠠᠭᠤᠳᠠᠯ ᠲᠤᠯᠭᠠᠷᠠᠪᠠᠯ ᠲᠡᠭᠦᠨ ᠠᠴᠠ ᠠᠰᠠᠭᠤᠨ᠎ᠠ᠃ ᠬᠡᠦᠬᠡᠳ ᠤᠳ ᠤᠨ ᠳᠠᠪᠰᠢᠯᠲᠠ ᠶᠢ ᠬᠠᠷᠠᠭᠠᠳ ᠰᠠᠶᠢᠨᠴᠣᠭᠲᠤ ᠬᠢᠵᠠᠭᠠᠯᠠᠰᠢ ᠦᠭᠡᠢ ᠪᠠᠶᠠᠷᠯᠠᠪᠠ᠃ ᠣᠯᠠᠨ ᠵᠢᠯ ᠤᠨ ᠲᠤᠷᠰᠢ᠂ ᠲᠡᠷᠡ ᠨᠢᠭᠡᠨᠲᠡ ᠬᠡᠳᠦᠨ ᠵᠠᠭᠤᠨ ᠰᠤᠷᠤᠭᠴᠢ ᠶᠢ ᠬᠦᠮᠦᠵᠢᠬᠦᠯᠪᠡ᠃ ᠡᠳᠡᠭᠡᠷ ᠬᠡᠦᠬᠡᠳ ᠤᠳ ᠨᠢ ᠲᠡᠭᠦᠨ ᠤ ᠨᠥᠯᠥᠭᠡ ᠪᠠᠷ ᠮᠣᠩᠭᠤᠯ ᠤᠷᠠᠨ ᠪᠢᠴᠢᠯᠭᠡ ᠶᠢᠨ ᠦᠨᠳᠦᠰᠦᠨ ᠤᠷ᠎ᠠ ᠮᠡᠷᠭᠡᠵᠢᠯ ᠢ ᠡᠵᠡᠮᠰᠢᠭᠰᠡᠨ ᠪᠦᠭᠡᠳ ᠰᠡᠳᠬᠢᠯ ᠳᠤ ᠪᠠᠨ ᠦᠨᠳᠦᠰᠦᠲᠡᠨ ᠤ ᠪᠦᠯᠬᠦᠮᠳᠡᠯ ᠤᠨ ᠦᠷ᠎ᠡ ᠲᠠᠷᠢᠭᠠᠳ ᠪᠠᠶᠢᠳᠠᠭ᠃ ᠲᠡᠳᠡᠨ ᠤ ᠦᠨᠳᠦᠰᠦᠲᠡᠨ ᠤ ᠰᠣᠶᠣᠯ ᠳᠤ ᠬᠠᠶᠢᠷ᠎ᠠ ᠰᠡᠳᠬᠢᠯᠭᠡ ᠲᠠᠢ ᠪᠠᠶᠢᠵᠤ᠂ ᠨᠠᠩ ᠥᠷᠭᠡᠨ ᠠᠭᠤᠳᠠᠮ ᠣᠷᠣᠨ ᠵᠠᠢ ᠵᠦᠭ ᠤᠷᠤᠭᠰᠢᠯᠠᠵᠤ᠂ ᠡᠨᠡ ᠬᠦ ᠪᠦᠯᠬᠦᠮᠳᠡᠯ ᠪᠠ ᠡᠶ᠎ᠡ ᠵᠣᠬᠢᠴᠠᠯ ᠲᠠᠢ ᠵᠣᠷᠢᠭ ᠰᠠᠨᠠᠭ᠎ᠠ ᠶᠢ ᠨᠠᠩ ᠣᠯᠠᠨ ᠬᠥᠮᠦᠨ ᠳᠤ ᠳᠠᠮᠵᠢᠭᠤᠯᠵᠤ ᠥᠭᠪᠡ᠃      ᠰᠤᠷᠭᠠᠭᠤᠯᠢ ᠳᠤ ᠬᠢᠴᠢᠶᠡᠯᠯᠡᠬᠦ ᠠᠴᠠ ᠭᠠᠳᠠᠨ᠎ᠠ᠂ ᠰᠠᠶᠢᠨᠴᠣᠭᠲᠤ ᠪᠠᠰᠠ ᠡᠯ᠎ᠡ ᠵᠦᠢᠯ ᠤᠨ ᠰᠣᠶᠣᠯ ᠤᠨ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠮᠣᠩᠭᠤᠯ ᠤᠷᠠᠨ ᠪᠢᠴᠢᠯᠭᠡ ᠶᠢᠨ ᠷᠢᠳᠢ ᠰᠢᠳᠢ ᠶᠢ ᠳᠡᠯᠭᠡᠨ ᠦᠵᠡᠭᠦᠯᠵᠡᠶ᠃ ᠲᠡᠭᠦᠨ ᠤ ᠪᠦᠲᠦᠭᠡᠯ ᠨᠢ ᠤᠷᠠᠯᠢᠭ ᠤᠨ ᠨᠥᠯᠥᠭᠡᠯᠡᠬᠦ ᠬᠦᠴᠦᠨ ᠢᠶᠠᠷ ᠪᠢᠯᠬᠠᠮ᠎ᠠ ᠪᠠᠶᠢᠵᠤ᠂ ᠮᠠᠰᠢ ᠣᠯᠠᠨ ᠤᠷᠠᠨ ᠪᠢᠴᠢᠯᠭᠡ ᠶᠢᠨ ᠪᠠᠭ᠋ᠠᠷᠬᠠᠭᠴᠢᠳ ᠤᠨ ᠪᠠᠭ᠋ᠠᠷᠬᠠᠯ ᠢ ᠲᠠᠲᠠᠭᠰᠠᠨ ᠪᠠᠶᠢᠨ᠎ᠠ᠃ ᠡᠯ᠎ᠡ ᠲᠥᠷᠥᠯ ᠤᠨ ᠠᠵᠢᠯᠯᠠᠭ᠎ᠠ ᠳᠤ ᠣᠷᠣᠯᠴᠠᠬᠤ ᠪᠠᠷ ᠳᠠᠮᠵᠢᠨ ᠰᠠᠶᠢᠨᠴᠣᠭᠲᠤ ᠡᠯ᠎ᠡ ᠦᠨᠳᠦᠰᠦᠲᠡᠨ ᠤ ᠰᠣᠶᠣᠯ ᠬᠡᠳᠦ᠋ᠢᠪᠡᠷ ᠥᠪᠡᠷ ᠥᠪᠡᠷ ᠤᠨ ᠣᠨᠴᠠᠯᠢᠭ ᠲᠠᠢ ᠪᠣᠯᠪᠠᠴᠤ ᠮᠥᠨ ᠴᠢᠨᠠᠷ ᠤᠨ ᠲᠠᠯ᠎ᠠ ᠪᠠᠷ ᠬᠠᠷᠢᠯᠴᠠᠨ ᠠᠭᠤᠰᠤᠯᠴᠠᠵᠤ᠂ ᠬᠠᠷᠢᠯᠴᠠᠨ ᠠᠬᠢᠭᠤᠯᠵᠤ ᠪᠠᠶᠢᠬᠤ ᠶᠢ ᠭᠦᠨᠵᠡᠭᠡᠶ ᠲᠠᠨᠢᠵᠤ ᠣᠯᠤᠭᠰᠠᠨ ᠪᠠᠶᠢᠨ᠎ᠠ᠃ ᠮᠣᠩᠭᠤᠯ ᠤᠷᠠᠨ ᠪᠢᠴᠢᠯᠭᠡ ᠪᠣᠯᠤᠨ ᠬᠢᠲᠠᠳ ᠬᠡᠯᠡᠨ ᠤ ᠤᠷᠠᠨ ᠪᠢᠴᠢᠯᠭᠡ ᠵᠡᠷᠭᠡ ᠪᠤᠰᠤᠳ ᠦᠨᠳᠦᠰᠦᠲᠡᠨ ᠤ ᠤᠷᠠᠨ ᠪᠢᠴᠢᠯᠭᠡ ᠶᠢᠨ ᠤᠷᠠᠯᠢᠭ ᠨᠢ ᠳᠤᠮᠳᠠᠳᠤ ᠶᠢᠨ ᠤᠷᠠᠨ ᠪᠢᠴᠢᠯᠭᠡ ᠶᠢᠨ ᠤᠷᠠᠯᠢᠭ ᠤᠨ ᠪᠠᠶᠠᠯᠢᠭ ᠠᠭᠤᠯᠤᠭᠳᠠᠬᠤᠨ ᠢ ᠬᠠᠮᠲᠤ ᠪᠠᠷ ᠪᠦᠷᠢᠯᠳᠦᠭᠦᠯᠵᠡᠶ᠃ ᠲᠡᠳᠡᠨ ᠤ ᠬᠤᠭᠤᠷᠣᠨᠳᠣ ᠢᠯᠭᠠᠭ᠎ᠠ ᠲᠠᠢ ᠮᠥᠷᠲᠡᠭᠡᠨ ᠬᠤᠯᠪᠣᠭ᠎ᠠ ᠲᠠᠢ ᠪᠠᠶᠢᠵᠤ᠂ ᠬᠠᠷᠢᠯᠴᠠᠨ ᠰᠣᠯᠢᠯᠴᠠᠵᠤ᠂ ᠬᠠᠷᠢᠯᠴᠠᠨ ᠲᠣᠯᠢᠯᠠᠬᠤ ᠪᠠᠷ ᠳᠠᠮᠵᠢᠨ᠂ ᠲᠤᠰ ᠲᠤᠰ ᠤᠨ ᠤᠷᠠᠯᠢᠭ ᠤᠨ ᠬᠡᠯᠪᠡᠷᠢ ᠪᠠᠨ ᠲᠠᠰᠤᠷᠠᠯᠲᠠ ᠤᠢᠭᠡᠢ ᠪᠠᠶᠠᠯᠢᠭᠵᠢᠭᠤᠯᠤᠨ ᠬᠥᠭᠵᠢᠭᠦᠯᠵᠦ᠂ ᠳᠤᠮᠳᠠᠳᠤ ᠶᠢᠨ ᠰᠣᠶᠣᠯ ᠤᠨ ᠴᠡᠴᠡᠭᠯᠡᠨ ᠬᠥᠭᠵᠢᠬᠦ ᠶᠢ ᠬᠠᠮᠲᠤᠪᠠᠷ ᠲᠦᠯᠬᠢᠨ ᠠᠬᠢᠭᠤᠯᠬᠤ ᠬᠡᠷᠡᠭᠲᠡᠶ᠃
     ᠰᠠᠶᠢᠨᠴᠣᠭᠲᠤ ᠪᠠᠰᠠ ᠮᠣᠩᠭᠤᠯ ᠤᠷᠠᠨ ᠪᠢᠴᠢᠯᠭᠡ ᠶᠢᠨ ᠤᠷᠠᠯᠢᠭ ᠢ ᠤᠯᠠᠮᠵᠢᠯᠠᠳᠠᠭ ᠢ ᠮᠡᠳᠡᠵᠦ ᠪᠠᠶᠢᠨ᠎ᠠ᠃ ᠲᠡᠷᠡ ᠨᠡᠩ ᠣᠯᠠᠨ ᠬᠥᠮᠥᠨ ᠡᠨᠡ ᠤᠷᠠᠯᠢᠭ ᠤᠨ ᠤᠯᠠᠮᠵᠢᠯᠠᠯ ᠳᠤᠮᠳᠠ ᠠᠩᠬᠠᠷᠤᠯ ᠲᠠᠯᠪᠢᠬᠤ ᠪᠤᠶᠤ ᠣᠷᠣᠯᠴᠠᠬᠤ ᠶᠢ ᠬᠦᠰᠡᠨ᠎ᠡ᠃ ᠡᠶᠢᠮᠦ ᠠᠴᠠ᠂ ᠲᠡᠷᠡ ᠪᠠᠰᠠ ᠪᠤᠰᠤᠳ ᠤᠷᠠᠨ ᠪᠢᠴᠢᠯᠭᠡ ᠶᠢᠨ ᠳᠤᠷ᠎ᠠ ᠪᠠᠭ᠋ᠠᠲᠠᠨ ᠲᠠᠢ ᠢᠳᠡᠪᠬᠢᠲᠡᠶ ᠬᠠᠮᠲᠤᠷᠠᠨ ᠠᠵᠢᠯᠯᠠᠵᠤ᠂ ᠮᠣᠩᠭᠤᠯ ᠤᠷᠠᠨ ᠪᠢᠴᠢᠯᠭᠡ ᠶᠢᠨ ᠬᠥᠭᠵᠢᠯᠲᠡ ᠶᠢᠨ ᠵᠠᠮ ᠢ ᠬᠠᠮᠲᠤ ᠪᠠᠷ ᠰᠤᠳᠤᠯᠤᠨ ᠶᠠᠷᠢᠯᠴᠠᠪᠠ᠃       ᠰᠠᠶᠢᠨᠴᠣᠭᠲᠤ᠄ ︽ᠮᠣᠩᠭᠤᠯ ᠤᠷᠠᠨ ᠪᠢᠴᠢᠯᠭᠡ ᠨᠢ ᠬᠡᠳᠦᠨ ᠵᠠᠭᠤᠨ ᠵᠢᠯ ᠤᠨ ᠲᠡᠤᠬᠡ ᠲᠠᠢ᠂ ᠮᠣᠩᠭᠤᠯ ᠦᠨᠳᠦᠰᠦᠲᠡᠨ ᠤ ᠰᠣᠶᠣᠯ ᠤᠨ ᠨᠢᠭᠡ ᠵᠦᠢᠯ ᠤᠨ ᠤᠯᠠᠮᠵᠢᠯᠠᠯ ᠮᠥᠨ᠂ ᠪᠠᠰᠠ ᠴᠤ ᠦᠨᠳᠦᠰᠦᠲᠡᠨ ᠨᠦᠭᠦᠳ ᠤᠨ ᠰᠣᠶᠣᠯ ᠢ ᠬᠠᠷᠢᠯᠴᠠᠨ ᠬᠦᠯᠢᠶᠡᠨ ᠠᠪᠤᠭᠰᠠᠨ ᠭᠡᠷᠡᠴᠢ ᠮᠥᠨ᠃ ᠪᠢ ᠤᠷᠠᠨ ᠪᠢᠴᠢᠯᠭᠡ ᠳᠤ ᠳᠤᠷᠠᠲᠠᠢ᠂ ᠮᠣᠩᠭᠤᠯ ᠤᠷᠠᠨ ᠪᠢᠴᠢᠯᠭᠡ ᠨᠢ ᠨᠢᠭᠡᠨᠲᠡ ᠮᠢᠨᠦ ᠠᠮᠢᠳᠤᠷᠠᠯ ᠪᠣᠯᠣᠨ ᠠᠵᠢᠯ ᠤᠨ ᠳᠤᠲᠠᠭᠳᠠᠵᠤ ᠪᠣᠯᠣᠰᠢ ᠦᠭᠡᠢ ᠬᠡᠰᠡᠭ ᠪᠣᠯᠵᠠᠢ᠃ ᠢᠷᠡᠭᠡᠳᠦᠶ ᠳᠤ ᠪᠢ ᠮᠣᠩᠭᠤᠯ ᠤᠷᠠᠨ ᠪᠢᠴᠢᠯᠭᠡ ᠶᠢ ᠤᠯᠠᠮᠵᠢᠯᠠᠨ ᠵᠠᠯᠭᠠᠮᠵᠢᠯᠠᠬᠤ ᠵᠠᠮ ᠳᠡᠭᠡᠷ᠎ᠡ ᠦᠷᠭᠦᠯᠵᠢᠯᠡᠨ ᠪᠠᠲᠤ ᠰᠠᠬᠢᠵᠤ᠂ ᠥᠪᠡᠷ ᠤᠨ ᠤᠷᠠᠨ ᠪᠢᠴᠢᠯᠭᠡ ᠶᠢᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠠᠩ ᠣᠯᠠᠨ ᠵᠢᠭᠠᠨ ᠰᠤᠷᠭᠠᠬᠤ ᠠᠷᠭ᠎ᠠ ᠶᠢ ᠬᠠᠶᠢᠨ ᠰᠦᠪᠡᠭᠴᠢᠯᠡᠵᠦ᠂ ᠨᠠᠩ ᠣᠯᠠᠨ ᠬᠡᠤᠬᠡᠳ ᠲᠤ ᠮᠣᠩᠭᠤᠯ ᠤᠷᠠᠨ ᠪᠢᠴᠢᠯᠭᠡ ᠶᠢ ᠣᠶᠢᠯᠠᠭᠠᠭᠤᠯᠬᠤ ᠪᠠ ᠪᠠᠭ᠋ᠠᠷᠬᠠᠬᠤ ᠪᠣᠯᠤᠨ᠎ᠠ᠃ ᠪᠢ ᠪᠠᠰᠠ ᠮᠣᠩᠭᠤᠯ ᠤᠷᠠᠨ ᠪᠢᠴᠢᠯᠭᠡ ᠭᠡᠬᠦ ᠡᠨᠡᠬᠦ ᠥᠪᠡᠷᠮᠢᠴᠡ ᠤᠷᠠᠯᠢᠭ ᠰᠢᠨ᠎ᠡ ᠴᠠᠭ ᠦᠶ᠎ᠡ ᠳᠤ ᠨᠠᠩ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠬᠤᠯᠪᠣᠬᠤ᠂ ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠴᠢᠬᠤᠯᠠ ᠬᠤᠯᠪᠣᠭᠠᠰᠤ ᠪᠣᠯᠬᠤ ᠶᠢ ᠬᠦᠰᠡᠵᠦ ᠪᠠᠶᠢᠨ᠎ᠠ︾ ᠭᠡᠵᠦ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号