| | | ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ | ᠭᠠᠳᠠᠭᠠᠳᠤ ᠠᠴᠠ ᠣᠷᠣᠭᠤᠯᠤᠭᠰᠠᠨ ᠬᠠᠭᠤᠷᠠᠶ ᠸᠠᠨᠳᠧᠤ ᠪᠤᠷᠴᠠᠭ ᠨᠢ 2 ᠲᠦᠮᠡᠨ ᠲᠣᠨ ᠪᠠᠶᠢᠵᠤ᠂ ᠥᠷᠲᠡᠭ ᠨᠢ | 4678.9 ᠲᠦᠮᠡᠨ ᠲᠥᠭᠦᠷᠢᠭ ᠪᠣᠯᠤᠨ᠎ᠠ᠃ | 2022 ᠣᠨ ᠤ 10 ᠰᠠᠷ᠎ᠠ ᠳᠤ᠂ ᠳᠤᠮᠳᠠᠳᠤ ᠣᠷᠣᠰ ︽ᠣᠷᠣᠰ ᠤᠨ ᠸᠠᠨᠳ᠋ᠸᠤ ᠶᠢᠨ ᠲᠦᠷᠦᠯ ᠤᠨ | ᠦᠢᠯᠡᠳᠬᠦᠨ ᠤ ᠳᠤᠮᠳᠠᠳᠤ ᠤᠯᠤᠰ ᠲᠤ ᠭᠠᠳᠠᠭᠠᠳᠤ ᠳᠤ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ | ᠲᠤᠬᠠᠢ ᠵᠥᠪᠯᠡᠯᠴᠡᠭᠡᠷ ᠤᠨ ᠪᠢᠴᠢᠭ︾ ᠲᠤ ᠭᠠᠷ ᠤᠨ ᠦᠰᠦᠭ ᠵᠢᠷᠤᠵᠤ᠂ ᠣᠷᠣᠰ ᠤᠨ ᠸᠠᠨᠳ᠋ᠸᠤ ᠶᠢᠨ ᠳᠤᠮᠳᠠᠳᠤ | ᠤᠯᠤᠰ ᠤᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠪᠡ᠃ 2023 ᠣᠨ ᠳᠤ ᠡᠷᠢᠶᠡᠨ ᠬᠤᠲᠠ ᠶᠢᠨ | ᠬᠢᠯᠢ ᠶᠢᠨ ᠪᠣᠭᠤᠮᠲᠠ ᠠᠩᠬ᠎ᠠ ᠤᠳᠠᠭ᠎ᠠ ᠭᠠᠳᠠᠭᠠᠳᠤ ᠠᠴᠠ ᠣᠷᠣᠭᠤᠯᠤᠭᠰᠠᠨ ᠬᠠᠭᠤᠷᠠᠢ ᠪᠤᠷᠴᠠᠭ᠃ 2023 ᠣᠨ᠂ | 2024 ᠣᠨ ᠤ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ ᠨᠢ ᠲᠤᠰ ᠲᠤᠰ 0.9 ᠲᠦᠮᠡᠨ ᠲᠣᠨ᠂ 1.1 | ᠲᠦᠮᠡᠨ ᠲᠣᠨ ᠪᠣᠯᠤᠨ᠎ᠠ᠃ | ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠬᠢᠨ ︽ᠪᠣᠭᠤᠮᠲᠠ ᠶᠢᠨ ᠠᠵᠤ ᠠᠬᠤᠶᠢᠯᠠᠯ ᠢ ᠨᠢᠭᠤᠷᠳᠠᠨ | ᠶᠠᠷᠢᠯᠴᠠᠬᠤ︾᠂ ︽ᠪᠣᠭᠤᠮᠲᠠ ᠶᠢᠨ ᠠᠵᠤ ᠠᠬᠤᠶᠢᠯᠠᠯ ᠤᠨ ᠰᠢᠭᠤᠳ ᠨᠡᠪᠲᠡᠷᠡᠬᠦ ᠲᠡᠷᠭᠡ︾᠂ ︽ᠪᠣᠭᠤᠮᠲᠠ ᠶᠢᠨ | ᠳᠠᠷᠤᠭ᠎ᠠ ᠶᠢᠨ ᠲᠥᠷᠥ ᠶᠢᠨ ᠪᠣᠳᠣᠯᠭ᠎ᠠ ᠶᠢ ᠭᠡᠷ ᠲᠤᠨᠢ ᠬᠦᠷᠭᠡᠬᠦ︾ ᠵᠡᠷᠭᠡ ᠨᠡᠪᠲᠡᠷᠡᠯᠴᠡᠬᠦ ᠲᠣᠭᠲᠠᠴᠠ ᠶᠢ | ᠪᠠᠶᠢᠩᠭᠤᠵᠢᠭᠤᠯᠤᠨ ᠠᠰᠢᠭᠯᠠᠵᠤ᠂ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠰᠣᠨᠣᠰᠴᠤ᠂ ᠠᠵᠤ | ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠪᠡ᠃ ᠲᠥᠷᠥ ᠶᠢᠨ | ᠪᠣᠳᠣᠯᠭ᠎ᠠ ᠶᠢ ᠤᠬᠠᠭᠤᠯᠤᠨ ᠲᠤᠤᠱᠯᠠᠭᠤᠯᠬᠤ ᠶᠢ ᠴᠢᠩᠭᠠᠳᠬᠠᠵᠤ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠳᠤ | ᠢᠳᠡᠪᠬᠢᠲᠡᠶ ᠣᠷᠣᠯᠴᠠᠭᠤᠯᠵᠤ᠂ ᠠᠵᠤ ᠠᠬᠤᠶᠢᠯᠠᠯ ᠢ ᠨᠡᠶᠢᠳᠡᠮ ᠬᠠᠮᠤᠷᠬᠤ ᠶᠢ ᠪᠡᠶᠡᠯᠡᠭᠦᠯᠦᠨ᠂ ᠲᠤᠰᠬᠠᠶ ᠬᠥᠮᠦᠨ | ᠲᠤᠰᠬᠠᠶ ᠠᠵᠢᠯ ᠤᠨ ᠪᠠᠶᠢᠷᠢ ᠭᠠᠷᠭᠠᠵᠤ ᠠᠵᠤ ᠠᠬᠤᠶᠢᠯᠠᠯ ᠤᠨ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠴᠦ᠂ | ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ | ᠪᠣᠭᠤᠮᠲᠠ ᠶᠢᠨ ᠪᠠᠷᠠᠭ᠎ᠠ ᠥᠩᠭᠡᠷᠡᠬᠦ ᠬᠡᠮᠵᠢᠶ᠎ᠡ ᠶᠢᠨ ᠦᠷᠭᠦᠯᠵᠢᠯᠡᠨ ᠨᠡᠮᠡᠭᠳᠡᠬᠦ ᠶᠢ ᠠᠬᠢᠭᠤᠯᠤᠨ᠎ᠠ᠃ |