ᠡᠨᠡ ᠵᠢᠯ ᠤᠨ ᠨᠢᠭᠡᠳᠦᠭᠡᠷ ᠤᠯᠠᠷᠢᠯ ᠳᠤ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ  ᠭᠠᠷᠭᠠᠭᠰᠠᠨ ᠠᠷᠠᠯᠵᠢᠶᠠᠨ ᠤ ᠥᠷᠲᠡᠭ 98.4 ᠳ᠋ᠦᠩᠰᠢᠭᠤᠷ ᠲᠥᠭᠦᠷᠢᠭ ᠲᠤ  ᠬᠦᠷᠦᠭᠰᠡᠨ
ᠨᠡᠶᠢᠲᠡᠯᠡᠭᠰᠡᠨ ᠴᠠᠭ᠄
2025/4/27
ᠭᠠᠷᠴᠠᠭ᠄  ᠭᠠᠷᠠᠭ ᠤᠨ ᠲᠠᠪᠤᠨᠤᠷᠴᠢᠭᠤᠯᠤᠭᠴᠢ᠄  ᠰᠤᠯᠤᠩᠭᠤᠤ ᠎ᠡ ᠤᠳᠤᠷᠢᠳᠬᠠᠯ᠄       ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ  ᠭᠠᠷᠭᠠᠭᠰᠠᠨ ᠠᠷᠠᠯᠵᠢᠶᠠᠨ ᠤ ᠥᠷᠲᠡᠭ 98.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭ᠎ᠠ ᠠᠴᠠ 0.1% ᠪᠠᠷ ᠪᠠᠭᠠᠰᠴᠠᠢ  ᠃ ᠡᠭᠦᠨ ᠳᠤ ᠭᠠᠳᠠᠭᠠᠳᠤ ᠠᠴᠠ ᠤᠷᠤᠭᠤᠯᠤᠭᠰᠠᠨ ᠨᠢ 54.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭ᠎ᠠ ᠠᠴᠠ 10.5% ᠨᠡᠮᠡᠭᠳᠡᠵᠦ᠂ ᠭᠠᠳᠠᠭᠠᠳᠤ ᠳᠤ ᠭᠠᠷᠭᠠᠭᠰᠠᠨ ᠨᠢ 43.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ  ᠬᠤᠭᠤᠴᠠᠭ᠎ᠠ ᠠᠴᠠ 10.7% ᠪᠠᠷ  ᠪᠠᠭᠠᠰᠴᠠᠢ᠃ᠲᠠᠶᠢᠯᠤᠮᠵᠢ᠄       ᠡᠨᠡ ᠵᠢᠯ ᠠᠴᠠ ᠨᠠᠭᠠᠰᠢ᠂ ᠡᠷᠢᠶᠡᠨ ᠪᠣᠭᠤᠮᠲᠠ ᠶᠢᠨ ᠠᠴᠢᠶ᠎ᠠ ᠲᠡᠭᠡᠭᠡᠪᠦᠷᠢ ᠶᠢᠨ ᠪᠤᠭᠤᠮᠲᠠ ᠥᠩᠭᠡᠷᠡᠬᠦ ᠴᠢᠳᠠᠪᠤᠷᠢ ᠡᠮᠬᠢ ᠵᠢᠷᠤᠮ ᠲᠠᠢ ᠰᠡᠷᠭᠦᠵᠦ᠂ ᠵᠡᠰ ᠤᠨ ᠡᠯᠡᠰᠦᠯᠢᠭ ᠡᠷᠦᠳᠡᠰᠦ᠂ ᠨᠡᠭᠦᠷᠡᠰᠦ᠂ ᠴᠠᠭᠠᠰᠤᠨ ᠡᠭᠡᠳᠡᠩ᠂ ᠲᠡᠮᠦᠷ ᠤᠨ ᠬᠦᠳᠡᠷ ᠵᠡᠷᠭᠡ ᠶᠡᠭᠡ ᠬᠡᠮᠵᠢᠶᠡᠨ ᠤ ᠲᠠᠸᠠᠷ ᠴᠥᠮ ᠨᠡᠮᠡᠭᠳᠡᠬᠦ ᠬᠠᠨᠳᠤᠰᠢ ᠲᠠᠢ ᠪᠣᠯᠪᠠ᠃ ᠡᠷᠢᠶᠡᠨ ᠬᠢᠯᠢ  ᠶᠢᠨ ᠪᠣᠭᠤᠮᠲᠠ  ᠪᠣᠭᠤᠮᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠠᠵᠤ ᠠᠬᠤᠶᠢᠯᠠᠯ ᠢ ᠬᠠᠪᠰᠤᠷᠤᠨ ᠲᠡᠳᠬᠦᠵᠦ ᠬᠦᠴᠢᠷᠳᠡᠯ ᠢ ᠨᠢ ᠰᠢᠢᠳᠪᠦᠷᠢᠯᠡᠬᠦ ᠲᠤᠰᠬᠠᠢ ᠠᠵᠢᠯᠯᠠᠭ᠎ᠠ  ᠥᠷᠨᠢᠭᠦᠯᠵᠦ᠂ ︽ ᠭᠠᠭᠴᠠ ᠴᠣᠩᠬᠤᠪᠴᠢ︾ ᠶᠢᠨ ᠤᠬᠠᠭᠤᠯᠭ᠎ᠠ ᠪᠠ ᠬᠡᠷᠡᠭᠯᠡᠭᠡᠨ ᠤ ᠪᠣᠯᠪᠠᠰᠤᠷᠠᠯ ᠤᠨ ᠡᠷᠴᠢᠮ ᠢ ᠴᠢᠩᠭᠠᠷᠠᠭᠤᠯᠵᠤ᠂ ︽ᠨᠢᠭᠡ ᠬᠠᠷᠭᠤᠭᠤᠯᠬᠤ ᠨᠢᠭᠡ︾ ᠪᠠᠷ ᠠᠵᠤ ᠠᠬᠤᠶᠢᠯᠠᠯ  ᠢ ᠵᠢᠯᠤᠭᠤᠳᠤᠨ ︽ᠭᠠᠭᠴᠠ ᠴᠣᠩᠬᠤᠪᠴᠢ︾ ᠳᠤ ᠵᠢᠷᠤᠮᠵᠢᠭᠤᠯᠤᠨ ᠮᠡᠳᠡᠭᠦᠯᠵᠦ᠂ ᠪᠣᠭᠤᠮᠲᠠ ᠶᠢᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠣᠳᠠᠲᠠᠢ ᠠᠵᠢᠯ ᠢᠶᠠᠷ ᠢᠶᠠᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠤ ᠳᠥᠭᠦᠮ ᠳᠥᠲᠡ ᠥᠨᠳᠥᠷ ᠦᠷ᠎ᠡ ᠪᠦᠲᠦᠮᠵᠢᠲᠡᠶ ᠪᠠᠷ ᠪᠣᠭᠤᠮᠲᠠ ᠥᠩᠭᠡᠷᠡᠬᠦ ᠶᠢ  ᠪᠠᠲᠤᠯᠠᠵᠠᠢ᠃      ᠲᠠᠷᠠᠭᠠᠴᠢ ᠶᠢᠨ ᠠᠯᠬᠤᠮ ᠳᠤ᠂ ᠡᠷᠢᠶᠡᠨ ᠬᠢᠯᠢ ᠶᠢᠨ ᠪᠣᠭᠤᠮᠲᠠ ᠦᠷᠭᠦᠯᠵᠢᠯᠡᠨ ︽ᠭᠠᠭᠴᠠ ᠴᠣᠩᠬᠤᠪᠴᠢ︾  ᠪᠠᠷ ᠲᠠᠪᠴᠠᠩ ᠪᠣᠯᠭᠠᠵᠤ᠂ ︽ᠭᠠᠭᠴᠠ ᠴᠣᠩᠬᠤᠪᠴᠢ︾ ᠶᠢᠨ ᠡᠯ᠎ᠡ ᠵᠦᠢᠯ ᠤᠨ ᠲᠥᠬᠦᠮ ᠦᠵᠡᠭᠦᠯᠬᠦ ᠴᠢᠳᠠᠮᠵᠢ ᠶᠢ ᠭᠦᠢᠴᠡᠳ ᠠᠭᠤᠳᠠᠯᠵᠤ᠂ ︽ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠬᠤ︾ + ︽ᠬᠤᠶᠠᠷ ᠠᠯᠬᠤᠮ ᠢᠶᠠᠷ ᠮᠡᠳᠡᠭᠦᠯᠬᠦ︾ ᠵᠡᠷᠭᠡ ᠳᠥᠭᠦᠮ ᠳᠥᠲᠡ ᠪᠣᠭᠤᠮᠲᠠ ᠪᠠᠷ ᠥᠩᠭᠡᠷᠡᠬᠦ ᠵᠠᠭᠪᠤᠷ ᠢ ᠯᠠᠪᠳᠠᠭᠤᠨ ᠪᠠᠲᠤᠲᠠᠢ ᠠᠬᠢᠭᠤᠯᠵᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠣᠯᠠᠨ ᠠᠷᠭ᠎ᠠ ᠵᠠᠮ ᠢᠶᠠᠷ ᠰᠠᠶᠢᠲᠤᠷ ᠬᠢᠵᠦ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠦᠨᠡᠨ ᠪᠣᠳᠠᠲᠠᠢ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠬᠦᠷᠲᠡᠭᠡᠵᠦ᠂ ᠪᠣᠭᠤᠮᠲᠠ ᠶᠢᠨ ᠤᠯᠠᠮ ᠨᠢᠭᠡ ᠠᠯᠬᠤᠮ ᠬᠦᠭᠵᠢᠯᠲᠡ ᠳᠤ ᠬᠦᠴᠦᠨ ᠨᠡᠮᠡᠷᠢᠯᠡᠨ᠎ᠡ᠃  
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号