ᠭᠠᠷᠴᠠᠭ᠄ ᠭᠠᠷᠠᠭ ᠤᠨ ᠨᠢᠭᠡᠨ | | ᠤᠷᠴᠢᠭᠤᠯᠤᠭᠴᠢ᠄ ᠰᠤᠯᠤᠩᠭᠤᠤ ᠡ | | ᠤᠳᠤᠷᠢᠳᠬᠠᠯ᠄ | ᠡᠮᠦᠨᠡᠬᠢ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠪᠠᠷ ᠳᠡᠮᠵᠢᠨ᠂ ᠨᠡᠶᠢᠲᠡ 1567 ᠲᠦᠮᠡᠨ | ᠲᠥᠭᠦᠷᠢᠭ ᠤᠨ ᠪᠡᠯᠡ ᠣᠷᠣᠭᠤᠯᠤᠭᠰᠠᠨ ᠰᠠᠶᠢᠬᠤᠰᠤ ᠭᠠᠴᠠᠭᠠᠨ ᠤ 17 ᠣᠶᠤᠨᠲᠤ ᠬᠦᠯᠡᠮᠵᠢ ᠶᠢᠨ ᠳᠣᠲᠣᠷᠠᠬᠢ 4 | ᠬᠦᠯᠡᠮᠵᠢ ᠨᠢ ᠳᠠᠷᠢᠬᠤ ᠨᠥᠬᠦᠴᠡᠯ ᠢ ᠪᠦᠷᠢᠳᠦᠭᠦᠯᠦᠭᠰᠡᠨ ᠪᠠᠶᠢᠨ᠎ᠠ᠃ ᠭᠠᠴᠠᠭᠠᠨ ᠤ ᠠᠷᠠᠳ ᠤᠨ ᠵᠥᠪᠯᠡᠯ ᠤᠨ | ᠳᠠᠷᠢᠭᠰᠠᠨ ᠭᠦᠵᠡᠯᠵᠡᠭᠡᠨ᠎ᠡ᠂ ᠱᠠᠪᠲᠠᠯ᠎ᠠ᠂ ᠢᠩᠲᠣᠣᠷ ᠂ ᠪᠠᠯᠲᠤ ᠬᠡᠮᠬᠡ᠂ ᠲᠥᠪᠡᠳ ᠬᠠᠰᠢ ᠶᠢᠨ ᠤᠷᠭᠤᠴᠠ ᠰᠠᠶᠢᠨ | ᠪᠠᠶᠢᠵᠤ᠂ ᠵᠢᠱᠢᠯᠲᠡ ᠪᠠᠷ 5 ᠰᠠᠷ᠎ᠠ ᠳᠤ ᠲᠡᠭᠦᠵᠦ ᠪᠤᠷᠤᠯᠠᠭᠤᠯᠵᠤ ᠪᠤᠯᠤᠨ᠎ᠠ᠃ | ᠲᠠᠶᠢᠯᠤᠮᠵᠢ᠄ | ᠰᠠᠶᠢᠬᠤᠰᠤ ᠶᠢᠨ ᠣᠶᠤᠨᠴᠢᠯᠠᠭᠰᠠᠨ ᠬᠦᠯᠡᠮᠵᠢ ᠳᠤ ᠣᠷᠣᠬᠤ ᠳᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ | ᠦᠵᠡᠭᠳᠡᠯ ᠨᠢᠳᠦᠨ ᠳᠤ ᠲᠤᠳᠤᠷᠠᠵᠤ᠂ ᠭᠦᠵᠡᠯᠵᠡᠭᠡᠨ᠎ᠡ ᠱᠠᠪᠲᠠᠯ᠎ᠠ ᠶᠠᠭᠰᠢᠷᠠᠲᠠᠯ᠎ᠠ ᠤᠷᠭᠤᠵᠤ ᠂ ᠳ᠋ᠧᠩᠯᠦ ᠰᠢᠭ | ᠴᠠᠳᠬᠤᠯᠠᠩ ᠤᠷᠭᠤᠭᠰᠠᠨ ᠱᠠᠪᠲᠠᠯ᠎ᠠ ᠬᠦᠮᠦᠨ ᠤ ᠪᠠᠭᠷᠠᠬᠠᠯ ᠢ ᠳᠠᠲᠠᠨ᠂ ᠠᠩᠬᠢᠯᠤᠮ᠎ᠠ ᠰᠠᠶᠢᠬᠠᠨ ᠦᠨᠦᠷ ᠨᠢ ᠬᠠᠮᠠᠷ | ᠴᠤᠷᠭᠢᠨᠠ᠃ ᠠᠵᠢᠯᠲᠠᠳ ᠴᠡᠴᠡᠭ ᠤᠨ ᠲᠣᠭᠤᠰᠣ ᠬᠦᠷᠳᠡᠭᠴᠢ ᠶᠢ ᠠᠳᠬᠤᠨ ᠰᠠᠭᠤᠷᠢ ᠰᠠᠭᠤᠷᠢ ᠨᠣᠭᠤᠭᠠᠨ | ᠴᠢᠬᠢ ᠳᠤ ᠴᠡᠴᠡᠭ ᠲᠣᠭᠤᠰᠣ ᠬᠦᠷᠲᠡᠭᠡᠵᠦ᠂ ᠶᠠᠭᠠᠷᠠᠯᠲᠠᠢ ᠪᠠᠶᠢᠳᠠᠯ ᠨᠢ ᠬᠠᠪᠤᠷ ᠤᠨ ᠤᠯᠠᠷᠢᠯ ᠳᠤ ︽ᠵᠣᠯ | ᠵᠢᠷᠭᠠᠯ ᠤᠨ ᠦᠨᠦᠷ ᠠᠮᠲᠠ︾ ᠨᠡᠮᠡᠷᠢᠯᠡᠭᠰᠡᠨ ᠪᠠᠶᠢᠨ᠎ᠠ᠃ | ᠰᠤᠷᠪᠤᠯᠵᠢᠯᠠᠭ᠎ᠠ᠄ ᠰᠠᠶᠢᠬᠤᠰᠤ ᠭᠠᠴᠠᠭᠠᠨ ᠤ ᠨᠠᠮ ᠤᠨ ᠡᠭᠦᠷ ᠤᠨ ᠱᠦᠵᠢ ᠪᠠᠢ ᠶᠦᠨ ᠹᠦ᠋᠄ ᠨᠢᠭᠡ ᠡᠪᠦᠯ ᠤᠨ | ᠦᠢᠯᠡᠳᠦᠯᠭᠡ ᠪᠠᠷ ᠳᠡᠮᠵᠢᠨ᠂ ︵ᠬᠦᠯᠡᠮᠵᠢ ᠶᠢᠨ︶ ᠳᠤᠯᠠᠭᠠᠯᠠᠭ᠎ᠠ ᠶᠢᠨ ᠦᠷ᠎ᠡ ᠳ᠋ᠦᠩ ᠨᠢ ᠣᠨᠴᠠᠭᠠᠶ ᠰᠠᠶᠢᠨ | ᠪᠤᠯᠬ᠎ᠠ ᠶᠢ ᠭᠡᠷᠡᠴᠢᠯᠡᠵᠡᠢ᠂ ᠬᠠᠮᠤᠭ ᠤᠨ ᠬᠠᠬᠢᠷ ᠬᠦᠢᠲᠡᠨ ᠤᠯᠠᠷᠢᠯ ᠳᠤ ᠬᠦᠯᠡᠮᠵᠢ ᠶᠢᠨ ᠳᠣᠲᠣᠷ᠎ᠠ ᠭᠠᠳᠠᠨᠠᠬᠢ | ᠳᠤᠯᠠᠭᠠᠨ ᠤ ᠵᠥᠷᠢᠶ᠎ᠡ ᠨᠢ 50 ᠭᠷᠠᠳᠦ᠋ᠰ ᠣᠷᠴᠢᠮ ᠬᠦᠷᠴᠡᠢ ᠃ ᠲᠤᠷᠰᠢᠨ ᠳᠠᠷᠢᠭᠰᠠᠨ 4 ᠲᠦᠷᠦᠯ ᠵᠦᠢᠯ ᠢ | ᠲᠠᠪᠤᠨ ᠰᠠᠷ᠎ᠠ ᠶᠢᠨ ᠨᠢᠭᠡᠨ ᠤ ᠡᠳᠦᠷ ᠠᠴᠠ ᠡᠬᠢᠯᠡᠨ ᠬᠤᠷᠢᠶᠠᠵᠤ᠂ ᠵᠢᠱᠢᠯᠲᠡ ᠪᠠᠷ 4 ᠲᠣᠮᠣ ᠫᠧᠩ ᠤᠨ ︵ᠣᠷᠣᠯᠭ᠎ᠠ︶ | ᠨᠢ ᠬᠠᠮᠤᠭ ᠨᠠᠭᠠᠲᠤ ᠵᠠᠬ᠎ᠠ ᠳᠠᠭᠠᠨ 6 — 8 ᠲᠦᠮᠡᠨ ᠲᠥᠭᠦᠷᠢᠭ ᠪᠠᠶᠢᠵᠤ᠂ ᠣᠷᠣᠯᠭ᠎ᠠ ᠶᠢ ᠪᠦᠬᠦᠨ ᠢ | ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠳᠤ ᠬᠡᠷᠡᠭᠯᠡᠨ᠎ᠡ᠃ | ᠰᠢᠨ᠎ᠡ ᠪᠠᠷ ᠪᠠᠶᠢᠭᠤᠯᠤᠭᠰᠠᠨ ᠣᠶᠤᠨᠴᠢᠯᠠᠭᠰᠠᠨ ᠬᠦᠯᠡᠮᠵᠢ ᠳᠤ᠂ ᠬᠥᠷᠥᠰᠥᠨ ᠤ ᠴᠢᠭᠢᠭᠳᠦᠴᠡ᠂ ᠳᠤᠯᠠᠭᠠᠨ ᠤ | ᠬᠡᠮᠵᠢᠶ᠎ᠡ᠂ ᠭᠡᠷᠡᠯ ᠤᠨ ᠲᠤᠰᠤᠯᠲᠠ ᠪᠣᠯᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠥᠳᠬᠡᠴᠡ ᠵᠡᠷᠭᠡ ᠶᠢ | ᠴᠠᠭ ᠲᠤᠬᠠᠢ ᠳᠤᠨᠢ ᠬᠢᠨᠠᠨ ᠬᠡᠮᠵᠢᠬᠦ ᠶᠢ ᠪᠡᠶᠡᠯᠡᠭᠦᠯᠵᠦ᠂ ᠪᠠᠰᠠ ᠠᠭᠠᠷ ᠲᠤᠬᠢᠷᠠᠭᠤᠯᠤᠭᠴᠢ᠂ ᠠᠦ᠋ᠲ᠋ᠣ᠋ ᠡᠪᠬᠡᠮᠡᠯ | ᠬᠥᠰᠢᠭᠡ᠂ ᠪᠡᠯᠡᠳᠬᠡᠯ ᠴᠠᠬᠢᠯᠭᠠᠨ ᠭᠠᠷᠭᠠᠭᠤᠷ ᠮᠠᠰᠢᠨ ᠵᠡᠷᠭᠡ ᠲᠠᠷᠢᠶᠠᠯᠠᠩ ᠤᠨ ᠲᠥᠬᠦᠭᠡᠷᠦᠮᠵᠢ ᠶᠢ ᠤᠭᠰᠠᠷᠠᠪᠠ᠃ | ᠬᠦᠯᠡᠮᠵᠢ ᠳᠤ ᠭᠦᠵᠡᠯᠵᠡᠭᠡᠨ᠎ᠡ ᠱᠠᠪᠲᠠᠯ᠎ᠠ᠂ ᠢᠩᠲᠣᠣᠷ ᠲᠥᠪᠡᠳ ᠬᠠᠰᠢ ᠵᠡᠷᠭᠡ ᠶᠢ ᠳᠠᠷᠢᠬᠤ ᠨᠢ ᠡᠩ ᠤᠨ ᠵᠢᠮᠢᠰ | ᠳᠠᠷᠢᠬᠤ ᠠᠴᠠ ᠬᠤᠶᠠᠷ ᠰᠠᠷ᠎ᠠ ᠶᠢᠨ ᠡᠮᠦᠨ᠎ᠡ ᠪᠤᠯᠪᠠᠰᠤᠷᠠᠬᠤ ᠪᠦᠭᠡᠳ ᠡᠷᠲᠡᠬᠡᠨ ᠵᠠᠬ᠎ᠠ ᠳᠡᠯᠭᠡᠭᠦᠷ ᠲᠤ ᠭᠠᠷᠭᠠᠵᠤ | ᠪᠤᠯᠬᠤ ᠲᠤᠯᠠ᠂ ᠨᠡᠮᠡᠯᠲᠡ ᠥᠷᠲᠡᠭ ᠢ ᠶᠡᠭᠡ ᠪᠠᠷ ᠳᠡᠭᠡᠭᠰᠢᠯᠡᠭᠦᠯᠬᠦ ᠪᠤᠯᠤᠨ᠎ᠠ᠃ ᠡᠭᠦᠨ ᠤ ᠬᠠᠮᠲᠤ᠂ ᠬᠦᠯᠡᠮᠵᠢ | ᠶᠢᠨ ᠳᠤᠲᠤᠷ᠎ᠠ ᠲᠠᠷᠢᠵᠤ᠂ ᠲᠡᠭᠦᠵᠦ ᠬᠤᠷᠢᠶᠠᠬᠤ ᠶᠠᠪᠤᠴᠠ ᠳᠤ ᠶᠡᠭᠡ ᠬᠡᠮᠵᠢᠶᠡᠨ ᠤ ᠠᠵᠢᠯᠴᠢᠨ ᠬᠡᠷᠡᠭᠯᠡᠬᠦ | ᠴᠢᠬᠤᠯᠠᠲᠠᠢ᠂ ᠡᠨᠡ ᠨᠢ ᠪᠠᠰᠠ ᠲᠠᠷᠢᠶᠠᠴᠢᠳ ᠤᠨ ᠭᠡᠷ ᠤᠨ ᠡᠭᠦᠳᠡᠨ ᠳᠡᠭᠡᠨ ᠠᠵᠢᠯ ᠣᠯᠬᠤ ᠳᠤ ᠲᠣᠬᠢᠶᠠᠯ | ᠣᠯᠭᠤᠵᠠᠢ᠃ |