2025 ᠣᠨ ᠤ ᠪᠥᠬᠦ ᠤᠯᠤᠰ ᠤᠨ  ᠡᠯ᠎ᠡ ᠬᠤᠲᠠ  ᠶᠢᠨ ᠬᠤᠯᠪᠤᠭᠠᠯᠠᠨ ᠶᠡᠭᠡ ᠳᠡᠭᠡᠳᠦ ᠰᠤᠷᠭᠠᠭᠤᠯᠢ  ᠳᠡᠭᠦᠰᠦᠭᠰᠡᠨ ᠤᠶᠤᠳᠠᠨ ᠡᠯᠰᠡᠬᠦ  ᠵᠢᠴᠢ ᠡᠷᠢᠶᠡᠨ ᠬᠤᠲᠠ ᠶᠢᠨ ᠠᠷᠠᠳ  ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠢ  ᠳᠠᠯᠠᠪᠤᠷ ᠤᠨ ᠠᠵᠢᠯᠲᠠᠨ ᠡᠯᠰᠡᠬᠦ  ᠬᠤᠷᠠᠯ  ᠠᠮᠵᠢᠯᠲᠠ ᠲᠠᠢ ᠶᠠᠪᠤᠭᠳᠠᠭᠰᠠᠨ
ᠨᠡᠶᠢᠲᠡᠯᠡᠭᠰᠡᠨ ᠴᠠᠭ᠄
2025/4/27
ᠤᠷᠴᠢᠭᠤᠯᠤᠭᠴᠢ᠄  ᠠᠯᠢᠮ᠎ᠠᠣᠳᠣᠷᠢᠳᠬᠠᠯ᠄ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ ᠭᠦᠨᠵᠡᠭᠡᠢ ᠠᠬᠢᠭᠤᠯᠬᠤ ᠶᠢᠨ ᠲᠥᠯᠥᠭᠡ᠂  ᠣᠶᠢᠷ᠎ᠠ ᠶᠢᠨ ᠡᠳᠦᠷ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠦᠢᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠤᠨ  ᠶᠠᠪᠤᠳᠠᠯ ᠤᠨ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ  ᠬᠤᠳᠠ ᠶᠢᠨ ᠬᠤᠷᠢᠶ᠎ᠠ ᠠᠴᠠ ᠬᠠᠮᠲᠤᠷᠠᠨ  ᠳᠠᠭᠠᠭᠠᠴᠢᠯᠠᠨ ᠡᠷᠭᠢᠯᠡᠭᠰᠡᠨ ︽2025 ᠣᠨ ᠤ ᠪᠥᠬᠦ ᠤᠯᠤᠰ ᠤᠨ  ᠡᠯ᠎ᠡ ᠬᠤᠲᠠ ᠶᠢᠨ  ᠬᠤᠯᠪᠤᠭᠠᠯᠠᠨ ᠶᠡᠭᠡ ᠳᠡᠭᠡᠳᠦ ᠰᠤᠷᠭᠠᠭᠤᠯᠢ  ᠳᠡᠭᠦᠰᠦᠭᠰᠡᠨ ᠤᠶᠤᠳᠠᠨ ᠡᠯᠰᠡᠬᠦ  ᠵᠢᠴᠢ ᠡᠷᠢᠶᠡᠨ ᠬᠤᠲᠠ ᠶᠢᠨ ᠠᠷᠠᠳ  ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠢ  ᠳᠠᠯᠠᠪᠤᠷ ᠤᠨ ᠠᠵᠢᠯᠲᠠᠨ ᠡᠯᠰᠡᠬᠦ  ᠬᠤᠷᠠᠯ︾ ᠠᠪᠤᠷᠭᠤ ᠭᠦᠷᠪᠡᠯ ᠠᠭᠤᠳᠠᠮ ᠲᠠᠯᠠᠪᠠᠶ ᠳᠤ ᠶᠠᠪᠤᠭᠳᠠᠪᠠ᠃ ᠳᠠᠶᠢᠯᠪᠤᠷᠢ᠄  ᠲᠤᠰ ᠣᠳᠠᠭᠠᠨ ᠤ ᠠᠵᠢᠯᠯᠠᠭ᠎ᠠ ᠨᠢ ︽ᠠᠵᠢᠯ ᠤᠨ ᠪᠠᠶᠢᠷᠢ  ᠪᠠᠷ ᠬᠦᠰᠡᠯ ᠵᠡᠭᠦᠳᠦ  ᠶᠢ ᠲᠡᠷᠭᠡᠯᠰᠢᠭᠦᠯᠬᠦ︾ ᠪᠠᠷ ᠭᠤᠣᠯ ᠰᠡᠳᠦᠪ ᠪᠣᠯᠭᠠᠵᠤ᠂ ᠡᠷᠢᠶᠡᠨ ᠬᠤᠳᠠ᠂ ᠬᠥᠬᠡᠬᠤᠲᠠ᠂ ᠰᠢᠯᠢᠩᠬᠤᠲᠠ ᠵᠡᠷᠭᠡ  ᠭᠠᠵᠡᠷ ᠤᠨ 180 ᠠᠵᠤ ᠠᠬᠤᠶᠢᠯᠠᠯ ᠬᠤᠷᠠᠯ ᠳᠤ    ᠣᠷᠣᠯᠴᠠᠵᠦ᠂ 2231 ᠠᠵᠢᠯ ᠤᠨ ᠪᠠᠶᠢᠷᠢ ᠬᠠᠩᠭᠠᠪᠠ᠃  ᠠᠵᠢᠯᠲᠠᠨ ᠡᠯᠰᠡᠬᠦ ᠬᠤᠷᠠᠯ ᠤᠨ ᠠᠬᠤᠢ ᠲᠠᠯᠠᠪᠠᠶ ᠳᠤ᠂ ᠠᠵᠢᠯ ᠡᠷᠢᠭᠰᠡᠳ ᠦᠵᠡᠭᠦᠯᠦᠯᠭᠡ   ᠶᠢᠨ ᠰᠠᠮᠪᠠᠷ᠎ᠠ   ᠶᠢᠨ ᠡᠮᠦᠨ᠎ᠡ᠂ ᠲᠣᠬᠢᠷᠠᠮᠵᠢᠲᠠᠢ ᠠᠵᠢᠯ ᠤᠨ ᠪᠠᠶᠢᠷᠢ  ᠪᠠᠨ ᠬᠠᠶᠢᠬᠤ ᠶᠢᠨ ᠬᠠᠮᠲᠤ ᠠᠵᠢᠯᠲᠠᠳ  ᠠᠴᠠ ᠨᠠᠷᠢᠨ ᠪᠠᠶᠢᠳᠠᠯ   ᠢ  ᠠᠰᠠᠭᠤᠨ ᠯᠠᠪᠯᠠᠵᠦ ᠪᠠᠶᠢᠯ᠎ᠠ᠃ ᠠᠵᠢᠯᠯᠠᠭ᠎ᠠ ᠳᠤ ᠪᠠᠰᠠ ᠣᠨᠴᠠᠭᠠᠶᠢᠯᠠᠨ ᠲᠥᠷᠥ ᠶᠢᠨ ᠪᠣᠳᠣᠯᠭ᠎ᠠ ᠶᠢᠨ ᠯᠠᠪᠯᠠᠯᠲᠠ ᠶᠢᠨ ᠲᠠᠪᠴᠠᠩ ᠭᠠᠷᠭᠠᠵᠤ᠂ ᠠᠵᠢᠯ ᠡᠷᠢᠭᠰᠡᠳ ᠲᠤ ᠠᠵᠢᠯ  ᠤᠯᠭᠤᠬᠤ ᠠᠳᠠᠯ ᠦᠢᠯᠡᠰ  ᠴᠣᠭᠴᠠᠯᠠᠬᠤ ᠨᠥᠬᠦᠪᠦᠷᠢ᠂ ᠨᠡᠶᠢᠭᠡᠮ ᠤᠨ ᠳᠠᠭᠠᠳᠬᠠᠯ  ᠳᠤ ᠣᠷᠣᠬᠤ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠥᠭᠴᠦ᠂ ᠲᠡᠳᠡᠨ ᠤ ᠠᠵᠢᠯ ᠣᠯᠭᠤᠯᠲᠠ  ᠶᠢ ᠲᠡᠮᠵᠢᠬᠦ ᠲᠦᠷᠦ ᠶᠢᠨ ᠪᠤᠳᠤᠯᠭ᠎ᠠ ᠶᠢ ᠤᠨᠤᠪᠴᠢᠳᠠᠢ ᠡᠵᠡᠮᠰᠢᠬᠦ ᠳᠤ  ᠬᠦᠴᠦᠨ ᠨᠡᠮᠡᠷᠢᠯᠡᠪᠡ᠃  ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠣᠶᠣᠳᠠᠨ᠄  ᠳᠣᠯᠠᠶᠢᠨ᠎ᠠ  ᠡᠨᠡ  ᠣᠳᠠᠭᠠᠨ ᠤ  ᠠᠵᠢᠯᠳᠠᠨ ᠡᠯᠰᠡᠬᠦ  ᠬᠤᠷᠠᠯ ᠳᠤ  ᠣᠷᠣᠯᠴᠠᠭᠠᠳ ᠲᠥᠷᠥᠭᠳᠡᠯ ᠮᠠᠰᠢ  ᠠᠷᠪᠢᠨ᠂ ᠲᠤᠬᠠᠢ ᠶᠢᠨ ᠲᠠᠯᠠᠪᠤᠷ ᠤᠨ ᠠᠵᠢᠯ ᠤᠨ ᠪᠠᠶᠢᠷᠢ  ᠣᠯᠠᠨ ᠪᠣᠯᠪᠠᠴᠤ ᠥᠷᠢᠰᠦᠯᠳᠦᠭᠡᠨ   ᠲᠤᠩ ᠶᠡᠭᠡ  ᠂ ᠨᠠᠳᠠ ᠳᠤ ᠲᠤᠬᠠᠶᠢᠯᠠᠭᠰᠠᠨ ᠠᠵᠢᠯ ᠢᠶᠠᠨ ᠤᠷᠢᠳᠴᠢᠯᠠᠨ ᠲᠥᠯᠥᠪᠵᠢᠭᠦᠯᠬᠦ ᠶᠢᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠭᠤᠯᠵᠤ᠂ ᠣᠯᠣᠯᠳᠠ ᠳᠦᠷᠦᠭᠳᠡᠯ   ᠢᠶᠠᠷ ᠳᠦᠭᠦᠷᠡᠩ ᠪᠠᠶᠢᠨ᠎ᠠ  ᠃  ︽ᠠᠵᠢᠯ ᠣᠯᠭᠤᠯᠲᠠ   ᠶᠢ ᠠᠬᠢᠭᠤᠯᠬᠤ ᠠᠵᠢᠯᠯᠠᠭ᠎ᠠ︾ ᠶᠢᠨ ᠦᠷᠭᠦᠯᠵᠢᠯᠡᠨ  ᠠᠬᠢᠭᠤᠯᠬᠤ   ᠶᠢ ᠳᠠᠭᠠᠯᠳᠤᠨ᠂  ᠶᠡᠭᠡ ᠳᠡᠭᠡᠳᠦ ᠰᠤᠷᠭᠠᠭᠤᠯᠢ ᠲᠡᠭᠦᠰᠦᠭᠰᠡᠨ  ᠣᠶᠤᠳᠠᠨ ᠪᠣᠯᠣᠨ ᠠᠵᠢᠯ ᠤᠨ ᠪᠠᠶᠢᠷᠢ ᠬᠦᠯᠢᠶᠡᠵᠦ ᠪᠠᠶᠢᠭ᠎ᠠ ᠬᠥᠮᠥᠰ ᠡᠨᠡᠬᠦ ᠠᠵᠢᠯᠯᠠᠭ᠎ᠠ ᠪᠠᠷ ᠳᠠᠮᠵᠢᠭᠤᠯᠤᠨ ᠠᠵᠢᠯ ᠣᠯᠭᠤᠯᠲᠠ   ᠶᠢᠨ ᠬᠠᠮᠤᠭ ᠤᠨ ᠰᠢᠨ᠎ᠡ ᠲᠥᠷᠥ   ᠶᠢᠨ ᠪᠣᠳᠣᠯᠭ᠎ᠠ   ᠶᠢ  ᠣᠶᠢᠯᠠᠭᠠᠵᠠᠢ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ  ᠭᠠᠳᠠᠨᠠᠬᠢ ᠣᠯᠠᠨ ᠡᠰᠢᠲᠦ ᠠᠵᠢᠯᠲᠠᠨ ᠡᠯᠰᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠤᠣᠯᠳᠠᠯᠭ᠎ᠠ ᠲᠠᠢ  ᠭᠦᠮᠦᠰ ᠤᠨ ︽ ᠠᠮᠠᠷᠬᠠᠨ ᠠᠵᠢᠯ  ᠤᠯᠬᠤ᠂ ᠰᠠᠶᠢᠨ ᠠᠵᠢᠯ  ᠣᠯᠬᠤ  ︾ ᠶᠢ ᠪᠡᠶᠡᠯᠡᠭᠦᠯᠬᠦ ᠳᠤ  ᠬᠦᠴᠦᠨ ᠨᠡᠮᠡᠷᠢᠯᠡᠬᠦ ᠪᠤᠯᠤᠨ᠎ᠠ  ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号