ᠤᠷᠴᠢᠭᠤᠯᠤᠠᠠᠴᠢ᠄ ᠪᠦᠷᠢᠩᠭᠤᠸ᠎ᠠ | | ᠤᠳᠤᠷᠢᠳᠬᠠᠯ᠄ | 4 ᠰᠠᠷ᠎ᠠ ᠶᠢᠨ 23 ᠤ ᠡᠳᠦᠷ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠤᠪᠴᠢᠶᠠᠨ ᠤ ᠨᠠᠮ ᠤᠨ ᠡᠭᠦᠷ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ᠂ ᠰᠢᠶᠠᠨ ᠹᠸᠡᠭ ᠱᠦᠢᠨᠢ ᠶᠢᠨ ᠤᠶᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ | ᠨᠠᠮ ᠤᠨ ᠡᠭᠦᠷ ᠲᠠᠢ ᠬᠠᠮᠲᠤᠷᠠᠨ ᠨᠠᠮ ᠤᠨ ᠪᠠᠶᠢᠭᠤᠯᠤᠯᠲᠠ ᠪᠠᠷ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ | ᠲᠤᠰᠠᠯᠠᠬᠤ ᠰᠡᠷᠭᠡᠶᠢᠯᠡᠯᠳᠡ ᠶᠢᠨ ᠱᠤᠭᠤᠮ ᠢ ᠪᠠᠬᠢᠵᠢᠭᠦᠯᠦᠶ᠎ᠡ︾ ᠬᠠᠮᠲᠤ ᠪᠠᠷ ᠪᠠᠶᠢᠭᠤᠯᠬᠤ ᠠᠵᠢᠯᠯᠠᠭ᠎ᠠ | ᠥᠷᠨᠢᠭᠦᠯᠪᠡ᠃ | | ᠲᠠᠶᠢᠯᠪᠦᠷᠢ᠄ | ᠲᠤᠬᠠᠢ ᠶᠢᠨ ᠡᠳᠦᠷ ᠤᠨ ᠦᠳᠡ ᠶᠢᠨ ᠬᠤᠶᠢᠨ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ | ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠣᠯᠣᠨ | ᠠᠵᠤ ᠠᠬᠤᠶᠢᠯᠠᠯ ᠤᠨ ᠬᠠᠷᠢᠭᠤᠴᠠᠯᠭᠠᠲᠠᠨ ᠰᠢᠶᠠᠨ ᠹᠸᠡᠭ ᠱᠦᠢᠨᠢ ᠶᠢᠨ ᠤᠶᠢᠯᠡᠳᠪᠦᠷᠢ ᠶᠢᠨ ᠬᠢᠵᠠᠭᠠᠷᠲᠤ | ᠺᠣᠮᠫᠠᠨᠢ ᠳᠤ ᠬᠦᠷᠴᠦ᠂ ᠭᠠᠯ ᠤᠨᠲᠠᠷᠠᠭᠠᠬᠤ ᠭᠠᠯ ᠰᠡᠷᠭᠡᠶᠢᠯᠡᠬᠦ ᠶᠡᠭᠡ ᠠᠩᠭᠢ ᠶᠢᠨ ᠬᠢᠨ ᠭᠠᠯ ᠤᠨᠲᠠᠷᠠᠭᠠᠬᠤ ᠭᠠᠯ | ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠵᠥᠪ ᠬᠡᠷᠡᠭᠯᠡᠬᠦ ᠠᠷᠭ᠎ᠠ ᠶᠢ | ᠲᠠᠶᠢᠯᠪᠤᠷᠢᠯᠠᠪᠠ᠃ ᠮᠦᠨ ᠲᠤᠬᠠᠢ ᠶᠢᠨ ᠲᠠᠯᠠᠪᠠᠶ ᠳᠤ ᠭᠠᠯ ᠤᠨᠲᠠᠷᠠᠭᠠᠭᠤᠷ ᠤᠨ ᠬᠡᠷᠡᠭᠯᠡᠯᠲᠡ᠂ ᠡᠬᠢᠨ ᠤ ᠦᠶ᠎ᠡ | ᠶᠢᠨ ᠭᠠᠯ ᠤᠨᠳᠠᠷᠭᠠᠵᠦ ᠠᠪᠤᠷᠠᠨ ᠲᠤᠰᠠᠯᠠᠬᠤ ᠤᠷ᠎ᠠ ᠮᠡᠷᠭᠡᠵᠢᠯ ᠵᠡᠷᠭᠡ ᠶᠢ ᠬᠠᠷᠠᠭᠤᠯᠵᠦ᠂ ᠲᠤᠬᠠᠢ ᠶᠢᠨ | ᠲᠠᠯᠠᠪᠠᠢ ᠶᠢᠨ ᠠᠵᠢᠯᠳᠠᠳ ᠢ ᠪᠠᠶᠠᠴᠢᠯᠠᠨ ᠤᠷᠤᠯᠴᠠᠭᠤᠯᠵᠦ᠂ ᠣᠯᠠᠨ ᠢ ᠦᠢᠯᠡᠳᠦᠯᠭᠡ ᠶᠢᠨ ᠳᠤᠮᠳᠠ ᠭᠠᠯ | ᠤᠨᠲᠠᠷᠠᠭᠠᠬᠤ ᠤᠷ᠎ᠠ ᠮᠡᠷᠭᠡᠵᠢᠯ ᠢ ᠡᠵᠡᠮᠰᠢᠭᠦᠯᠵᠦ᠂ ᠭᠠᠯ ᠤᠨ ᠠᠶᠤᠯ ᠢ ᠠᠷᠭᠠᠴᠠᠭᠠᠬᠤ ᠴᠢᠳᠠᠪᠤᠷᠢ ᠶᠢ ᠨᠢ | ᠨᠡᠮᠡᠭᠳᠡᠭᠦᠯᠵᠡᠢ᠃ | ᠡᠭᠦᠨ ᠤ ᠳᠠᠷᠠᠭ᠎ᠠ ᠪᠠᠷ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠰᠠᠶᠢᠨ ᠲᠤᠷᠠᠴᠢᠳ | ᠳᠠᠭᠤᠷᠢᠶᠠᠮᠠᠯ ᠪᠠᠭᠠᠵᠢ ᠬᠡᠷᠡᠭᠰᠡᠯ ᠢ ᠠᠰᠢᠭᠯᠠᠨ᠂ ᠵᠢᠷᠦᠬᠡᠨ ᠤ ᠰᠡᠷᠭᠦᠭᠡᠯᠲᠡ ᠪᠠ ᠬᠥᠮᠥᠨ ᠤ ᠬᠦᠴᠦ ᠪᠠᠷ | ᠠᠮᠢᠰᠬᠤᠭᠤᠯᠬᠤ ᠵᠡᠷᠭᠡ ᠲᠦᠷᠭᠡᠨ ᠠᠪᠤᠷᠠᠯᠳᠠ ᠶᠢᠨ ᠠᠵᠢᠯᠯᠠᠭ᠎ᠠ ᠶᠢ ᠪᠠᠶᠡᠴᠢᠯᠡᠨ ᠦᠵᠡᠭᠦᠯᠵᠦ᠂ ᠠᠪᠤᠷᠠᠭᠳᠠᠭᠴᠢ ᠶᠢᠨ | ᠪᠠᠶᠢᠳᠠᠯ ᠢ ᠮᠠᠭᠠᠳᠯᠠᠬᠤ ᠠᠴᠠ ᠴᠡᠭᠡᠵᠢᠨ ᠭᠠᠳᠠᠨ᠎ᠠ ᠠᠴᠠ ᠳᠠᠷᠤᠬᠤ ᠦᠶ᠎ᠡ ᠶᠢᠨ ᠠᠶᠢᠵᠠᠮ ᠴᠤᠬᠢᠯᠭ᠎ᠠ ᠪᠠᠨ ᠬᠡᠷᠬᠢᠨ | ᠡᠵᠡᠮᠳᠡᠬᠦ᠂ ᠬᠦᠴᠦ ᠪᠠᠨ ᠬᠡᠷᠬᠢᠨ ᠲᠡᠩᠴᠡᠭᠦᠯᠬᠦ ᠵᠢᠴᠢ ᠬᠥᠮᠥᠨ ᠤ ᠬᠦᠴᠦ ᠪᠠᠷ ᠠᠮᠢᠰᠬᠤᠭᠤᠯᠬᠤ ᠳᠦᠷᠢᠮᠵᠢᠯ ᠤᠨ | ᠶᠠᠪᠤᠴᠠ ᠬᠦᠷᠳᠡᠯᠡᠬᠢ ᠠᠯᠬᠤᠮ ᠂ ᠠᠵᠢᠯᠯᠠᠭ᠎ᠠ ᠨᠢᠭᠡᠪᠦᠷᠢ ᠶᠢ ᠨᠠᠷᠢᠯᠢᠭ ᠣᠨᠣᠴᠠᠲᠠᠢ ᠶᠠᠷᠢᠵᠦ᠂ ᠪᠤᠳᠤᠯᠢᠶᠠᠨᠲᠠᠢ | ᠲᠦᠷᠭᠡᠨ ᠠᠪᠤᠷᠠᠯᠳᠠ ᠶᠢᠨ ᠶᠠᠪᠤᠴᠠ ᠶᠢ ᠲᠤᠳᠦ ᠣᠶᠢᠯᠠᠭᠠᠮᠵᠢᠲᠠᠢ ᠪᠤᠯᠭᠠᠠᠠᠰᠡᠨ ᠪᠠᠶᠢᠨ᠎ᠠ᠃ | ᠪᠤᠯᠪᠠᠰᠤᠷᠠᠯ ᠤᠨ ᠳᠠᠷᠠᠭ᠎ᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠤᠪᠴᠢᠶᠠᠨ ᠤ ᠠᠵᠢᠯᠲᠠᠨ ᠪᠠ ᠬᠢᠯᠢ ᠬᠢᠵᠠᠭᠠᠷ ᠣᠷᠣᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠰᠠᠭᠤᠳᠠᠯ ᠤᠨ | ᠬᠤᠷᠠᠯ ᠬᠤᠷᠠᠯᠳᠤᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠯᠴᠠᠨ ᠠᠬᠢᠭᠤᠯᠵᠤ | ᠬᠠᠮᠲᠤ ᠪᠠᠷ ᠤᠷᠤᠭᠰᠢᠯᠠᠬᠤ ᠶᠢ ᠠᠬᠢᠭᠤᠯᠤᠨ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ | ᠴᠢᠩᠭᠠᠳᠬᠠᠵᠤ᠂ ᠨᠠᠮ ᠤᠨ ᠳᠦᠷᠢᠮ ᠤᠨ ᠳᠠᠪᠠᠭᠤᠯᠢᠭ ᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠪᠣᠳᠠᠲᠠᠢ ᠦᠢᠯᠡᠳᠦᠯ ᠴᠢᠳᠠᠪᠤᠷᠢ ᠪᠣᠯᠭᠠᠨ ᠬᠤᠪᠢᠷᠠᠭᠤᠯᠵᠤ᠂ ᠠᠮᠤᠷ ᠲᠦᠪᠰᠢᠨ ᠬᠥᠭᠵᠢᠯᠲᠡ ᠶᠢ ᠬᠠᠮᠠᠭᠠᠯᠠᠬᠤ ᠳᠤ | ᠬᠦᠴᠦᠨ ᠨᠡᠮᠡᠷᠢᠯᠡᠪᠡ᠃ | |