【 ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠬᠦᠯᠦᠨ᠎ᠡ】 ᠨᠢᠭᠡᠳᠦᠭᠡᠷ ᠤᠯᠠᠷᠢᠯ ᠳᠤ ᠡᠷᠢᠶᠡᠨ ᠬᠤᠲᠠ ᠶᠢᠨ ᠪᠣᠭᠤᠮᠲᠠ ᠪᠠᠷ ᠭᠠᠷᠭᠠᠭᠰᠠᠨ ᠵᠢᠮᠢᠰ ᠢᠳᠡᠰᠢᠨ ᠨᠣᠭᠤᠭ᠎ᠠ 4 ᠲᠦᠮᠡᠨ ᠲᠣᠨ ᠠᠴᠠ ᠳᠠᠪᠠᠪᠠ
ᠨᠡᠶᠢᠲᠡᠯᠡᠭᠰᠡᠨ ᠴᠠᠭ᠄
2025/4/27
        ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠳᠤ ᠭᠠᠷᠭᠠᠭᠰᠠᠨ ᠵᠢᠮᠢᠰ ᠢᠳᠡᠰᠢᠨ ᠨᠣᠭᠤᠭ᠎ᠠ 4.03 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35.1% ᠪᠠᠷ ᠨᠡᠮᠡᠭᠳᠡᠪᠡ︔ ᠪᠠᠷᠠᠭᠠᠨ ᠤ ᠥᠷᠲᠡᠭ 0.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 45.7% ᠪᠠᠷ ᠨᠡᠮᠡᠭᠳᠡᠪᠡ᠃        ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠬᠢᠨ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠪᠣᠭᠤᠮᠲᠠ ᠪᠠᠷ ᠲᠦᠷᠭᠡᠨ ᠥᠩᠭᠡᠷᠡᠬᠦ ᠰᠠᠭᠠᠳ ᠦᠭᠡᠢ ᠨᠡᠪᠲᠡᠷᠡᠬᠦ ᠵᠠᠮ ᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠷᠢᠳᠠᠪᠠᠷ ᠬᠢᠨᠠᠨ ᠪᠠᠶᠢᠴᠠᠭᠠᠬᠤ᠂ ᠤᠷᠢᠳᠠᠪᠠᠷ ᠪᠠᠶᠢᠴᠠᠭᠠᠨ ᠰᠢᠯᠭᠠᠬᠤ᠂ ᠤᠷᠢᠳᠠᠪᠠᠷ ᠶᠠᠪᠤᠭᠤᠯᠬᠤ ᠵᠡᠷᠭᠡ ᠠᠷᠭ᠎ᠠ ᠬᠡᠮᠵᠢᠶ᠎ᠡ ᠶᠢᠨ ᠰᠠᠭᠤᠷᠢᠨ ᠳᠡᠭᠡᠷ᠎ᠡ᠂ ︽52︾ ᠤᠷᠢᠳᠴᠢᠯᠠᠨ ᠪᠣᠯᠵᠣᠵᠤ ᠪᠠᠶᠢᠴᠠᠭᠠᠨ ᠰᠢᠯᠭᠠᠬᠤ ᠶᠢ ᠬᠡᠷᠡᠭᠵᠢᠭᠦᠯᠵᠦ᠂ ᠣᠶᠤᠨᠴᠢ ᠪᠠᠷ ᠬᠢᠨᠠᠨ ᠠᠴᠢᠶᠠᠯᠠᠵᠤ ᠭᠢᠨᠳᠠᠨ ᠳᠤ ᠪᠠᠭᠤᠯᠭᠠᠬᠤ᠂ ᠲᠡᠷᠡ ᠳᠠᠷᠤᠢ ᠳᠤᠨᠢ ᠪᠢᠲᠡᠭᠦᠮᠵᠢᠯᠡᠬᠦ᠂ ᠲᠦᠷᠢᠨ ᠣᠷᠣᠭᠤᠯᠬᠤ ᠬᠡᠯᠪᠡᠷᠢ ᠶᠢᠨ ᠪᠠᠶᠢᠴᠠᠭᠠᠨ ᠰᠢᠯᠭᠠᠬᠤ ᠵᠡᠷᠭᠡ ᠠᠷᠭ᠎ᠠ ᠬᠡᠮᠵᠢᠶ᠎ᠡ ᠪᠠᠷ ᠭᠠᠳᠠᠭᠠᠳᠤ ᠳᠤ ᠭᠠᠷᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ᠃           2018 ᠣᠨ ᠳᠤ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠰᠠᠭᠠᠳ ᠦᠭᠡᠢ ᠨᠡᠪᠲᠡᠷᠡᠬᠦ ᠵᠠᠮ ᠢ ᠨᠡᠪᠲᠡᠷᠡᠭᠦᠯᠦᠭᠰᠡᠨ ᠠᠴᠠ ᠨᠠᠰᠢ᠂ ᠡᠷᠢᠶᠡᠨ ᠪᠣᠭᠤᠮᠲᠠ ᠵᠢᠮᠢᠰ ᠨᠣᠭᠤᠭ᠎ᠠ ᠶᠢ ᠨᠡᠶᠢᠲᠡ 73.4 ᠲᠦᠮᠡᠨ ᠲᠣᠨ ᠬᠢᠨᠠᠨ ᠬᠠᠮᠢᠶᠠᠷᠴᠤ ᠭᠠᠳᠠᠭᠠᠳᠤ ᠳᠤ ᠭᠠᠷᠭᠠᠵᠤ᠂ ᠪᠠᠷᠠᠭᠠᠨ ᠤ ᠥᠷᠲᠡᠭ ᠨᠢ 14.8 ᠳ᠋ᠦᠩᠰᠢᠭᠤᠷ ᠲᠥᠭᠦᠷᠢᠭ ᠲᠤ ᠬᠦᠷᠴᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号