ᠬᠢᠯᠢ ᠠᠯᠤᠰᠯᠠᠭᠰᠠᠨ ︽ᠠᠮᠢ ᠨᠠᠰᠤᠨ ᠤ ᠵᠠᠮ︾     ᠠᠶᠤᠯ ᠲᠦᠭᠰᠢᠭᠦᠷᠢᠲᠦ ᠴᠠᠭ ᠮᠥᠴᠡ ᠳᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ
ᠨᠡᠶᠢᠲᠡᠯᠡᠭᠰᠡᠨ ᠴᠠᠭ᠄
2025/4/3
    3 ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠂ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠪᠣᠭᠤᠮᠲᠠ ᠶᠢᠨ ᠬᠢᠯᠢ ᠠᠯᠤᠰᠯᠠᠭᠰᠠᠨ ᠪᠠᠴᠢᠮ ᠠᠪᠤᠷᠠᠨ ᠲᠤᠰᠠᠯᠠᠬᠤ ᠲᠣᠭᠲᠠᠴᠠ ᠶᠢ ᠥᠨᠳᠥᠷ ᠪᠦᠲᠦᠮᠵᠢᠲᠡᠶ ᠪᠠᠷ ᠡᠬᠢᠯᠡᠭᠦᠯᠵᠦ᠂ ᠬᠤᠶᠠᠷ ᠤᠳᠠᠭᠠᠨ ᠤ ᠬᠢᠯᠢ ᠠᠯᠤᠰᠯᠠᠭᠰᠠᠨ ᠪᠠᠴᠢᠮ ᠬᠡᠷᠡᠭ ᠢ ᠰᠢᠢᠳᠪᠦᠷᠢᠯᠡᠬᠦ ᠠᠵᠢᠯ ᠢ ᠠᠮᠵᠢᠯᠲᠠ ᠲᠠᠢ ᠪᠡᠶᠡᠯᠡᠭᠦᠯᠵᠦ᠂ ᠣᠯᠠᠨ ᠤᠯᠤᠰ ᠤᠨ ᠬᠥᠮᠦᠯᠢᠭ ᠦᠵᠡᠯ ᠤᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠬᠢᠭᠡᠳ ᠥᠨᠳᠥᠷ ᠪᠦᠲᠦᠮᠵᠢᠲᠡᠶ ᠬᠠᠮᠵᠢᠯᠴᠠᠬᠤ ᠴᠢᠳᠠᠪᠤᠷᠢ ᠶᠢ ᠢᠯᠡᠷᠡᠭᠦᠯᠪᠡ᠃      28 ᠤ ᠡᠳᠦᠷ ᠮᠣᠩᠭᠤᠯ ᠤᠯᠤᠰ ᠤᠨ ᠠᠷᠠᠳ ᠢᠷᠭᠡᠨ ᠪᠠ᠊ ᠣᠪᠣᠭᠲᠤ ᠬᠥᠬᠡᠬᠤᠲᠠ ᠳᠤ ᠡᠮᠴᠢᠯᠡᠭᠦᠯᠵᠦ ᠪᠤᠴᠠᠬᠤ ᠵᠠᠮ ᠳᠠᠭᠠᠨ ᠵᠣᠯ ᠪᠤᠰᠤ ᠪᠠᠷ ᠨᠠᠰᠤ ᠪᠠᠷᠠᠵᠤ᠂ ᠦᠬᠦᠭᠰᠡᠨ ᠭᠡᠷᠡᠴᠢ ᠠᠪᠬᠤ ᠵᠡᠷᠭᠡ ᠬᠠᠮᠢᠶ᠎ᠠ ᠪᠦᠬᠦᠢ ᠭᠠᠷ ᠭᠦᠢᠴᠡᠳᠬᠡᠯ ᠬᠢᠬᠦ ᠶᠢ ᠰᠠᠭᠠᠲᠠᠭᠠᠭᠰᠠᠨ ᠠᠴᠠ ᠪᠣᠯᠵᠤ ᠪᠣᠭᠤᠮᠲᠠ ᠪᠠᠷ ᠬᠡᠪ ᠤᠨ ᠪᠠᠶᠢᠳᠠᠯ ᠢᠶᠠᠷ ᠥᠩᠭᠡᠷᠡᠭᠦᠯᠦᠭᠰᠡᠨ ᠦᠭᠡᠢ᠂ ᠴᠢᠨᠳᠠᠷ ᠢ ᠲᠡᠭᠡᠭᠡᠪᠦᠷᠢᠯᠡᠨ ᠬᠢᠯᠢ ᠠᠴᠠ ᠭᠠᠷᠭᠠᠬᠤ ᠪᠠᠴᠢᠮ ᠬᠡᠷᠡᠭᠴᠡᠭᠡ ᠲᠠᠢ ᠪᠣᠯᠪᠠ᠃ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ ᠡᠷᠢᠶᠡᠨ ᠬᠤᠲᠠ ᠳᠤ ᠰᠠᠭᠤᠭ᠎ᠠ ᠮᠣᠩᠭᠤᠯ ᠤᠯᠤᠰ ᠤᠨ ᠺᠤᠨᠰᠦ᠋ᠯ ᠤᠨ ᠭᠠᠵᠠᠷ ᠤᠨ ᠮᠡᠳᠡᠭᠳᠡᠯ ᠢ ᠣᠯᠤᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠳᠠᠷᠤᠶ ᠲᠦᠷᠭᠡᠨ ᠡᠬᠢᠯᠡᠭᠦᠯᠵᠦ᠂ ᠪᠣᠭᠤᠮᠲᠠ ᠪᠠ ᠬᠢᠯᠢ ᠶᠢᠨ ᠪᠠᠶᠢᠴᠠᠭᠠᠯᠲᠠ ᠶᠢᠨ ᠲᠠᠯ᠎ᠠ ᠪᠠᠷ ᠰᠠᠭᠠᠳ ᠥᠬᠡᠶ ᠨᠡᠪᠲᠡᠷᠡᠬᠦ ᠵᠠᠮ ᠨᠡᠭᠡᠭᠡᠵᠦ᠂ ᠲᠣᠰ ᠣᠷᠣᠶ ᠶᠢᠨ 20 ᠴᠠᠭ ᠲᠤ ᠪᠠ ᠨᠢᠭᠡᠨ ᠴᠢᠨᠳᠠᠷ ᠢᠶᠠᠷ ᠪᠣᠭᠤᠮᠲᠠ ᠪᠠᠷ ᠤᠷᠤᠭᠰᠢᠲᠠᠶ ᠪᠠᠷ ᠥᠩᠭᠡᠷᠡᠵᠦ ᠬᠢᠯᠢ ᠠᠴᠠ ᠭᠠᠷᠪᠠ᠃      29 ᠤ ᠡᠳᠦᠷ᠂ ᠥᠪᠥᠷ ᠮᠣᠩᠭᠤᠯ ᠳᠤ ᠬᠥᠯᠥᠰᠥᠨ ᠠᠵᠢᠯ ᠬᠢᠵᠦ ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠨ ᠵᠢᠶᠠᠩ ᠣᠪᠣᠭᠲᠤ ᠭᠡᠨᠡᠳᠲᠡ ᠳᠠᠷᠢᠬᠢᠨ ᠳᠤ ᠴᠢᠰᠦ ᠬᠠᠷᠪᠣᠵᠦ᠂ ᠤᠯᠤᠰ ᠲᠠᠭᠠᠨ ᠪᠤᠴᠠᠵᠤ ᠡᠮᠨᠡᠨ ᠵᠠᠰᠠᠬᠤ ᠴᠢᠬᠤᠯᠠᠲᠠᠢ ᠪᠣᠯᠪᠠ᠃ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠭᠡᠷ ᠮᠣᠩᠭᠤᠯ ᠤᠯᠤᠰ ᠤᠨ ᠵᠠᠮ ᠤᠨ ᠡᠬᠦᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ ᠢ ᠣᠯᠣᠭᠰᠠᠨ ᠤ ᠳᠠᠷᠠᠭ᠎ᠠ᠂ ᠮᠠᠨ ᠤ ᠤᠯᠤᠰ ᠤᠨ ᠬᠠᠪᠢ ᠳᠤ ᠰᠠᠭᠤᠭ᠎ᠠ ᠶᠡᠷᠦᠩᠬᠡᠢ ᠺᠤᠨᠰᠦ᠋ᠯ ᠤᠨ ᠭᠠᠵᠠᠷ ᠯᠤᠭ᠎ᠠ ᠦᠳᠲᠡᠷ ᠲᠦᠷᠭᠡᠨ ᠡᠪᠡᠳᠴᠢᠲᠡᠨ ᠤ ᠮᠡᠳᠡᠭᠡ ᠵᠠᠩᠭᠢ ᠶᠢ ᠬᠢᠨᠠᠨ ᠬᠠᠷᠭᠤᠭᠤᠯᠵᠠᠢ᠃ ᠡᠭᠦᠨ ᠤ ᠬᠠᠮᠲᠤ ᠬᠢᠯᠢ ᠶᠢᠨ ᠪᠠᠶᠢᠴᠠᠭᠠᠯᠲᠠ᠂ ᠪᠣᠭᠤᠮᠲᠠ ᠶᠢ ᠵᠣᠬᠢᠴᠠᠭᠤᠯᠵᠤ ︽ᠠᠮᠢ ᠨᠠᠰᠤᠨ ᠤ ᠵᠠᠮ︾ ᠢ ᠡᠬᠢᠯᠡᠭᠦᠯᠵᠦ᠂ ᠲᠦᠷᠭᠡᠨ ᠠᠪᠤᠷᠠᠯᠲᠠ ᠶᠢᠨ ᠲᠡᠷᠭᠡ ᠶᠢ ᠪᠣᠭᠤᠮᠲᠠ ᠪᠠᠷ ᠲᠦᠷᠭᠡᠨ ᠥᠩᠭᠡᠷᠡᠬᠦ ᠶᠢ ᠪᠠᠲᠤᠯᠠᠪᠠ᠃ ᠲᠤᠬᠠᠢ ᠶᠢᠨ ᠡᠳᠦᠷ ᠤᠨ 11 ᠴᠠᠭ ᠲᠤ᠂ ᠡᠪᠡᠳᠴᠢᠲᠡᠨ ᠣᠷᠣᠭᠰᠢᠳᠠᠢ ᠪᠠᠷ ᠬᠢᠯᠢ ᠪᠠᠷ ᠣᠷᠣᠵᠤ ᠢᠷᠡᠨ ᠤᠯᠤᠰ ᠤᠨ ᠳᠣᠲᠣᠭᠠᠳᠤ ᠶᠢᠨ ᠡᠮᠨᠡᠯᠭᠡ ᠶᠢᠨ ᠬᠤᠷᠢᠶᠠᠨ ᠳᠤ ᠰᠢᠯᠵᠢᠵᠦ᠂ ᠣᠳᠣᠬᠠᠨ ᠳᠤ ᠡᠪᠡᠳᠴᠢᠨ ᠤ ᠪᠠᠶᠢᠳᠠᠯ ᠲᠣᠭᠲᠠᠭᠤᠨ ᠪᠠᠶᠢᠨ᠎ᠠ᠃      ᠡᠨᠡ ᠵᠢᠯ ᠠᠴᠠ ᠨᠠᠰᠢ᠂ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ ᠬᠢᠯᠢ ᠠᠯᠤᠰᠯᠠᠭᠰᠠᠨ ᠪᠠᠴᠢᠮ ᠠᠪᠤᠷᠠᠨ ᠲᠤᠰᠠᠯᠠᠬᠤ ᠲᠣᠭᠲᠠᠴᠠ ᠶᠢ ᠨᠡᠶᠢᠲᠡ 16 ᠤᠳᠠᠭ᠎ᠠ ᠡᠬᠢᠯᠡᠭᠦᠯᠵᠦ᠂ ᠨᠠᠷᠢᠯᠢᠭ ᠣᠨᠣᠴᠠᠲᠠᠶ ᠪᠠᠷ ᠵᠣᠬᠢᠴᠠᠭᠤᠯᠬᠤ ᠪᠠ ᠲᠦᠷᠭᠡᠨ ᠬᠥᠳᠡᠯᠦᠯᠴᠡᠬᠦ ᠪᠠᠷ ᠳᠤᠮᠳᠠᠳᠤ ᠮᠣᠩᠭᠤᠯ ᠬᠤᠶᠠᠷ ᠤᠯᠤᠰ ᠤᠨ ᠠᠷᠠᠳ ᠢᠷᠭᠡᠳ ᠲᠤ ᠥᠨᠳᠥᠷ ᠪᠦᠲᠦᠮᠵᠢᠲᠡᠶ᠂ ᠬᠥᠮᠦᠨᠴᠢᠯᠡᠭᠰᠡᠨ ᠪᠣᠭᠤᠮᠲᠠ ᠪᠠᠷ ᠥᠩᠭᠡᠷᠡᠬᠦ ᠪᠠ ᠠᠪᠤᠷᠠᠨ ᠲᠤᠰᠠᠯᠠᠬᠤ ᠦᠢᠯᠡᠴᠢᠯᠡᠭᠡ ᠬᠠᠩᠭᠠᠪᠠ᠃ ︽ᠠᠮᠢ ᠨᠠᠰᠤᠨ ᠤ ᠬᠥᠭᠦᠷᠭᠡ︾ ᠶᠢ ᠪᠠᠶᠢᠭᠤᠯᠬᠤ ᠪᠠᠷ ᠳᠠᠮᠵᠢᠭᠤᠯᠵᠤ᠂ ︽ᠭᠠᠳᠠᠭᠠᠳᠤ ᠬᠠᠷᠢᠯᠴᠠᠭ᠎ᠠ ᠠᠷᠠᠳ ᠤᠨ ᠲᠥᠯᠥᠭᠡ ᠪᠠᠶᠢᠬᠤ︾ ᠵᠣᠷᠢᠯᠲᠠ ᠶᠢ ᠦᠨᠡᠨ ᠬᠦ ᠭᠦᠢᠴᠡᠳᠬᠡᠵᠦ᠂ ᠬᠤᠶᠠᠷ ᠤᠯᠤᠰ ᠤᠨ ᠵᠠᠰᠠᠭ ᠤᠨ ᠣᠷᠳᠣᠨ ᠪᠣᠯᠤᠨ ᠠᠷᠠᠳ ᠤᠯᠠᠨ ᠤ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠣᠯᠵᠤ᠂ ᠭᠠᠳᠠᠭᠠᠳᠤ ᠶᠠᠪᠤᠳᠠᠯ ᠤᠨ ᠰᠠᠯᠠᠭ᠎ᠠ ᠮᠥᠴᠢᠷ ᠤᠨ ᠬᠠᠷᠢᠭᠤᠴᠠᠯᠭ᠎ᠠ ᠡᠭᠦᠷᠭᠡᠯᠡᠯ ᠢ ᠲᠤᠪᠤᠶᠢᠯᠭᠠᠪᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号