| | 3 ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠂ ᠬᠤᠲᠠ ᠶᠢᠨ ᠭᠠᠳᠠᠭᠠᠳᠤ ᠶᠠᠪᠤᠳᠠᠯ ᠤᠨ | ᠠᠯᠪᠠᠨ ᠬᠡᠷ ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠪᠣᠭᠤᠮᠲᠠ ᠶᠢᠨ ᠬᠢᠯᠢ ᠠᠯᠤᠰᠯᠠᠭᠰᠠᠨ | ᠪᠠᠴᠢᠮ ᠠᠪᠤᠷᠠᠨ ᠲᠤᠰᠠᠯᠠᠬᠤ ᠲᠣᠭᠲᠠᠴᠠ ᠶᠢ ᠥᠨᠳᠥᠷ ᠪᠦᠲᠦᠮᠵᠢᠲᠡᠶ ᠪᠠᠷ ᠡᠬᠢᠯᠡᠭᠦᠯᠵᠦ᠂ ᠬᠤᠶᠠᠷ ᠤᠳᠠᠭᠠᠨ ᠤ ᠬᠢᠯᠢ | ᠠᠯᠤᠰᠯᠠᠭᠰᠠᠨ ᠪᠠᠴᠢᠮ ᠬᠡᠷᠡᠭ ᠢ ᠰᠢᠢᠳᠪᠦᠷᠢᠯᠡᠬᠦ ᠠᠵᠢᠯ ᠢ ᠠᠮᠵᠢᠯᠲᠠ ᠲᠠᠢ ᠪᠡᠶᠡᠯᠡᠭᠦᠯᠵᠦ᠂ ᠣᠯᠠᠨ ᠤᠯᠤᠰ ᠤᠨ | ᠬᠥᠮᠦᠯᠢᠭ ᠦᠵᠡᠯ ᠤᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠬᠢᠭᠡᠳ ᠥᠨᠳᠥᠷ ᠪᠦᠲᠦᠮᠵᠢᠲᠡᠶ ᠬᠠᠮᠵᠢᠯᠴᠠᠬᠤ | ᠴᠢᠳᠠᠪᠤᠷᠢ ᠶᠢ ᠢᠯᠡᠷᠡᠭᠦᠯᠪᠡ᠃ | 28 ᠤ ᠡᠳᠦᠷ ᠮᠣᠩᠭᠤᠯ ᠤᠯᠤᠰ ᠤᠨ ᠠᠷᠠᠳ ᠢᠷᠭᠡᠨ ᠪᠠ᠊ ᠣᠪᠣᠭᠲᠤ ᠬᠥᠬᠡᠬᠤᠲᠠ ᠳᠤ ᠡᠮᠴᠢᠯᠡᠭᠦᠯᠵᠦ | ᠪᠤᠴᠠᠬᠤ ᠵᠠᠮ ᠳᠠᠭᠠᠨ ᠵᠣᠯ ᠪᠤᠰᠤ ᠪᠠᠷ ᠨᠠᠰᠤ ᠪᠠᠷᠠᠵᠤ᠂ ᠦᠬᠦᠭᠰᠡᠨ ᠭᠡᠷᠡᠴᠢ ᠠᠪᠬᠤ ᠵᠡᠷᠭᠡ ᠬᠠᠮᠢᠶ᠎ᠠ ᠪᠦᠬᠦᠢ ᠭᠠᠷ | ᠭᠦᠢᠴᠡᠳᠬᠡᠯ ᠬᠢᠬᠦ ᠶᠢ ᠰᠠᠭᠠᠲᠠᠭᠠᠭᠰᠠᠨ ᠠᠴᠠ ᠪᠣᠯᠵᠤ ᠪᠣᠭᠤᠮᠲᠠ ᠪᠠᠷ ᠬᠡᠪ ᠤᠨ ᠪᠠᠶᠢᠳᠠᠯ ᠢᠶᠠᠷ ᠥᠩᠭᠡᠷᠡᠭᠦᠯᠦᠭᠰᠡᠨ | ᠦᠭᠡᠢ᠂ ᠴᠢᠨᠳᠠᠷ ᠢ ᠲᠡᠭᠡᠭᠡᠪᠦᠷᠢᠯᠡᠨ ᠬᠢᠯᠢ ᠠᠴᠠ ᠭᠠᠷᠭᠠᠬᠤ ᠪᠠᠴᠢᠮ ᠬᠡᠷᠡᠭᠴᠡᠭᠡ ᠲᠠᠢ ᠪᠣᠯᠪᠠ᠃ ᠬᠤᠲᠠ ᠶᠢᠨ | ᠭᠠᠳᠠᠭᠠᠳᠤ ᠶᠠᠪᠤᠳᠠᠯ ᠤᠨ ᠠᠯᠪᠠᠨ ᠬᠡᠷ ᠡᠷᠢᠶᠡᠨ ᠬᠤᠲᠠ ᠳᠤ ᠰᠠᠭᠤᠭ᠎ᠠ ᠮᠣᠩᠭᠤᠯ ᠤᠯᠤᠰ ᠤᠨ ᠺᠤᠨᠰᠦ᠋ᠯ ᠤᠨ | ᠭᠠᠵᠠᠷ ᠤᠨ ᠮᠡᠳᠡᠭᠳᠡᠯ ᠢ ᠣᠯᠤᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠳᠠᠷᠤᠶ | ᠲᠦᠷᠭᠡᠨ ᠡᠬᠢᠯᠡᠭᠦᠯᠵᠦ᠂ ᠪᠣᠭᠤᠮᠲᠠ ᠪᠠ ᠬᠢᠯᠢ ᠶᠢᠨ ᠪᠠᠶᠢᠴᠠᠭᠠᠯᠲᠠ ᠶᠢᠨ ᠲᠠᠯ᠎ᠠ ᠪᠠᠷ ᠰᠠᠭᠠᠳ ᠥᠬᠡᠶ ᠨᠡᠪᠲᠡᠷᠡᠬᠦ ᠵᠠᠮ | ᠨᠡᠭᠡᠭᠡᠵᠦ᠂ ᠲᠣᠰ ᠣᠷᠣᠶ ᠶᠢᠨ 20 ᠴᠠᠭ ᠲᠤ ᠪᠠ ᠨᠢᠭᠡᠨ ᠴᠢᠨᠳᠠᠷ ᠢᠶᠠᠷ ᠪᠣᠭᠤᠮᠲᠠ ᠪᠠᠷ ᠤᠷᠤᠭᠰᠢᠲᠠᠶ ᠪᠠᠷ | ᠥᠩᠭᠡᠷᠡᠵᠦ ᠬᠢᠯᠢ ᠠᠴᠠ ᠭᠠᠷᠪᠠ᠃ | 29 ᠤ ᠡᠳᠦᠷ᠂ ᠥᠪᠥᠷ ᠮᠣᠩᠭᠤᠯ ᠳᠤ ᠬᠥᠯᠥᠰᠥᠨ ᠠᠵᠢᠯ ᠬᠢᠵᠦ ᠪᠠᠶᠢᠭ᠎ᠠ ᠳᠤᠮᠳᠠᠳᠤ ᠤᠯᠤᠰ ᠤᠨ ᠠᠷᠠᠳ | ᠢᠷᠭᠡᠨ ᠵᠢᠶᠠᠩ ᠣᠪᠣᠭᠲᠤ ᠭᠡᠨᠡᠳᠲᠡ ᠳᠠᠷᠢᠬᠢᠨ ᠳᠤ ᠴᠢᠰᠦ ᠬᠠᠷᠪᠣᠵᠦ᠂ ᠤᠯᠤᠰ ᠲᠠᠭᠠᠨ ᠪᠤᠴᠠᠵᠤ ᠡᠮᠨᠡᠨ ᠵᠠᠰᠠᠬᠤ | ᠴᠢᠬᠤᠯᠠᠲᠠᠢ ᠪᠣᠯᠪᠠ᠃ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠭᠡᠷ ᠮᠣᠩᠭᠤᠯ ᠤᠯᠤᠰ ᠤᠨ ᠵᠠᠮ ᠤᠨ | ᠡᠬᠦᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ ᠢ ᠣᠯᠣᠭᠰᠠᠨ ᠤ ᠳᠠᠷᠠᠭ᠎ᠠ᠂ ᠮᠠᠨ ᠤ ᠤᠯᠤᠰ ᠤᠨ | ᠬᠠᠪᠢ ᠳᠤ ᠰᠠᠭᠤᠭ᠎ᠠ ᠶᠡᠷᠦᠩᠬᠡᠢ ᠺᠤᠨᠰᠦ᠋ᠯ ᠤᠨ ᠭᠠᠵᠠᠷ ᠯᠤᠭ᠎ᠠ ᠦᠳᠲᠡᠷ ᠲᠦᠷᠭᠡᠨ ᠡᠪᠡᠳᠴᠢᠲᠡᠨ ᠤ ᠮᠡᠳᠡᠭᠡ | ᠵᠠᠩᠭᠢ ᠶᠢ ᠬᠢᠨᠠᠨ ᠬᠠᠷᠭᠤᠭᠤᠯᠵᠠᠢ᠃ ᠡᠭᠦᠨ ᠤ ᠬᠠᠮᠲᠤ ᠬᠢᠯᠢ ᠶᠢᠨ ᠪᠠᠶᠢᠴᠠᠭᠠᠯᠲᠠ᠂ ᠪᠣᠭᠤᠮᠲᠠ ᠶᠢ ᠵᠣᠬᠢᠴᠠᠭᠤᠯᠵᠤ ︽ | ᠠᠮᠢ ᠨᠠᠰᠤᠨ ᠤ ᠵᠠᠮ︾ ᠢ ᠡᠬᠢᠯᠡᠭᠦᠯᠵᠦ᠂ ᠲᠦᠷᠭᠡᠨ ᠠᠪᠤᠷᠠᠯᠲᠠ ᠶᠢᠨ ᠲᠡᠷᠭᠡ ᠶᠢ ᠪᠣᠭᠤᠮᠲᠠ ᠪᠠᠷ ᠲᠦᠷᠭᠡᠨ | ᠥᠩᠭᠡᠷᠡᠬᠦ ᠶᠢ ᠪᠠᠲᠤᠯᠠᠪᠠ᠃ ᠲᠤᠬᠠᠢ ᠶᠢᠨ ᠡᠳᠦᠷ ᠤᠨ 11 ᠴᠠᠭ ᠲᠤ᠂ ᠡᠪᠡᠳᠴᠢᠲᠡᠨ ᠣᠷᠣᠭᠰᠢᠳᠠᠢ ᠪᠠᠷ ᠬᠢᠯᠢ ᠪᠠᠷ | ᠣᠷᠣᠵᠤ ᠢᠷᠡᠨ ᠤᠯᠤᠰ ᠤᠨ ᠳᠣᠲᠣᠭᠠᠳᠤ ᠶᠢᠨ ᠡᠮᠨᠡᠯᠭᠡ ᠶᠢᠨ ᠬᠤᠷᠢᠶᠠᠨ ᠳᠤ ᠰᠢᠯᠵᠢᠵᠦ᠂ ᠣᠳᠣᠬᠠᠨ ᠳᠤ | ᠡᠪᠡᠳᠴᠢᠨ ᠤ ᠪᠠᠶᠢᠳᠠᠯ ᠲᠣᠭᠲᠠᠭᠤᠨ ᠪᠠᠶᠢᠨ᠎ᠠ᠃ | ᠡᠨᠡ ᠵᠢᠯ ᠠᠴᠠ ᠨᠠᠰᠢ᠂ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ ᠬᠢᠯᠢ ᠠᠯᠤᠰᠯᠠᠭᠰᠠᠨ ᠪᠠᠴᠢᠮ | ᠠᠪᠤᠷᠠᠨ ᠲᠤᠰᠠᠯᠠᠬᠤ ᠲᠣᠭᠲᠠᠴᠠ ᠶᠢ ᠨᠡᠶᠢᠲᠡ 16 ᠤᠳᠠᠭ᠎ᠠ ᠡᠬᠢᠯᠡᠭᠦᠯᠵᠦ᠂ ᠨᠠᠷᠢᠯᠢᠭ ᠣᠨᠣᠴᠠᠲᠠᠶ ᠪᠠᠷ | ᠵᠣᠬᠢᠴᠠᠭᠤᠯᠬᠤ ᠪᠠ ᠲᠦᠷᠭᠡᠨ ᠬᠥᠳᠡᠯᠦᠯᠴᠡᠬᠦ ᠪᠠᠷ ᠳᠤᠮᠳᠠᠳᠤ ᠮᠣᠩᠭᠤᠯ ᠬᠤᠶᠠᠷ ᠤᠯᠤᠰ ᠤᠨ ᠠᠷᠠᠳ ᠢᠷᠭᠡᠳ ᠲᠤ | ᠥᠨᠳᠥᠷ ᠪᠦᠲᠦᠮᠵᠢᠲᠡᠶ᠂ ᠬᠥᠮᠦᠨᠴᠢᠯᠡᠭᠰᠡᠨ ᠪᠣᠭᠤᠮᠲᠠ ᠪᠠᠷ ᠥᠩᠭᠡᠷᠡᠬᠦ ᠪᠠ ᠠᠪᠤᠷᠠᠨ ᠲᠤᠰᠠᠯᠠᠬᠤ ᠦᠢᠯᠡᠴᠢᠯᠡᠭᠡ | ᠬᠠᠩᠭᠠᠪᠠ᠃ ︽ᠠᠮᠢ ᠨᠠᠰᠤᠨ ᠤ ᠬᠥᠭᠦᠷᠭᠡ︾ ᠶᠢ ᠪᠠᠶᠢᠭᠤᠯᠬᠤ ᠪᠠᠷ ᠳᠠᠮᠵᠢᠭᠤᠯᠵᠤ᠂ ︽ᠭᠠᠳᠠᠭᠠᠳᠤ ᠬᠠᠷᠢᠯᠴᠠᠭ᠎ᠠ | ᠠᠷᠠᠳ ᠤᠨ ᠲᠥᠯᠥᠭᠡ ᠪᠠᠶᠢᠬᠤ︾ ᠵᠣᠷᠢᠯᠲᠠ ᠶᠢ ᠦᠨᠡᠨ ᠬᠦ ᠭᠦᠢᠴᠡᠳᠬᠡᠵᠦ᠂ ᠬᠤᠶᠠᠷ ᠤᠯᠤᠰ ᠤᠨ ᠵᠠᠰᠠᠭ ᠤᠨ | ᠣᠷᠳᠣᠨ ᠪᠣᠯᠤᠨ ᠠᠷᠠᠳ ᠤᠯᠠᠨ ᠤ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠣᠯᠵᠤ᠂ ᠭᠠᠳᠠᠭᠠᠳᠤ | ᠶᠠᠪᠤᠳᠠᠯ ᠤᠨ ᠰᠠᠯᠠᠭ᠎ᠠ ᠮᠥᠴᠢᠷ ᠤᠨ ᠬᠠᠷᠢᠭᠤᠴᠠᠯᠭ᠎ᠠ ᠡᠭᠦᠷᠭᠡᠯᠡᠯ ᠢ ᠲᠤᠪᠤᠶᠢᠯᠭᠠᠪᠠ᠃ |