| | ︽5.1︾ ᠤ ᠬᠤᠭᠤᠴᠠᠭᠠᠨ ᠳᠠᠬᠢ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠪᠦᠲᠦᠮᠵᠢᠲᠡᠶ | ᠪᠠᠲᠤᠯᠠᠵᠤ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠬᠢᠭᠡᠳ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠬᠤ ᠶᠢᠨ ᠳᠣᠯᠠᠳᠠ᠂ ᠣᠶᠢᠷ᠎ᠠ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ | ᠪᠠᠶᠠᠷ ᠤᠨ ᠡᠳᠦᠷ ᠠᠴᠠ ᠡᠮᠦᠨᠡᠬᠢ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ᠃ | | ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠪᠠᠶᠠᠷ ᠤᠨ ᠡᠳᠦᠷ ᠤᠨ ᠣᠯᠠᠨ | ᠲᠦᠮᠡᠨ ᠤ ᠬᠡᠷᠡᠭᠯᠡᠭᠡᠨ ᠤ ᠣᠨᠴᠠᠯᠢᠭ ᠲᠠᠢ ᠨᠢᠭᠲᠠ ᠤᠶᠠᠯᠳᠤᠭᠤᠯᠤᠨ᠂ ᠬᠠᠷᠢᠶ᠎ᠠ ᠣᠷᠣᠨ ᠤ ᠢᠳᠡᠭᠡᠨ ᠤᠮᠳᠠᠭᠠᠨ᠂ | ᠪᠠᠭᠤᠳᠠᠯ᠂ ᠴᠢᠯᠦᠭᠡᠳᠦ ᠳᠡᠯᠭᠡᠭᠦᠷ ᠵᠡᠷᠭᠡ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠢᠳᠡᠭᠡᠨ ᠤ ᠠᠮᠤᠷ | ᠲᠦᠪᠰᠢᠨ᠂ ᠦᠨ᠎ᠡ ᠬᠠᠩᠰᠢ ᠶᠢᠨ ᠵᠢᠷᠤᠮᠵᠢᠯ ᠪᠠ ᠡᠵᠡᠩᠨᠡᠯᠲᠡ ᠶᠢᠨ ᠲᠠᠯᠠᠪᠤᠷ ᠤᠨ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠵᠡᠷᠭᠡ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠬᠦ ᠬᠡᠷᠡᠭᠲᠡᠶ᠃ ᠡᠭᠦᠨ ᠤ ᠬᠠᠮᠲᠤ᠂ ᠡᠵᠡᠩᠨᠡᠯᠲᠡ ᠶᠢᠨ | ᠥᠮᠴᠢᠲᠡᠨ ᠳᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠳᠤ ᠬᠤᠯᠪᠣᠭᠳᠠᠬᠤ ᠬᠠᠤᠯᠢ ᠴᠠᠭᠠᠵᠠ ᠬᠠᠤᠯᠢ | ᠲᠣᠭᠲᠠᠭᠠᠯ ᠢ ᠥᠷᠭᠡᠨ ᠢᠶᠠᠷ ᠤᠬᠠᠭᠤᠯᠵᠤ᠂ ᠡᠵᠡᠩᠨᠡᠯᠲᠡ ᠶᠢᠨ ᠥᠮᠴᠢᠲᠡᠨ ᠢ ᠢᠳᠡᠭᠡᠨ ᠤ ᠠᠮᠤᠷ ᠲᠦᠪᠰᠢᠨ ᠤ | ᠦᠵᠡᠯ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠵᠦ᠂ ᠢᠳᠡᠭᠡᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ | ᠳᠢᠭᠯᠢᠮ ᠢ ᠵᠢᠷᠤᠮᠵᠢᠭᠤᠯᠤᠨ᠂ ᠬᠡᠷᠡᠭᠯᠡᠭᠴᠢᠳ ᠢ ᠰᠠᠨᠠᠭ᠎ᠠ ᠠᠮᠤᠷ ᠢᠳᠡᠵᠦ᠂ ᠰᠠᠨᠠᠭ᠎ᠠ ᠠᠮᠤᠷ ᠠᠮᠢᠳᠤᠷᠠᠭᠤᠯᠬᠤ | ᠬᠡᠷᠡᠭᠲᠡᠶ ᠭᠡᠵᠦ ᠱᠠᠭᠠᠷᠳᠠᠪᠠ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠳᠡᠳ᠋ ᠳᠠᠷᠤᠭ᠎ᠠ ᠴᠢᠶᠣᠤ ᠰᠢᠩ᠄ ︽ᠲᠠᠪᠤᠨ ᠰᠠᠷ᠎ᠠ ᠶᠢᠨ ᠨᠢᠭᠡᠨ ᠤ | ᠪᠠᠶᠠᠷ ᠠᠴᠠ ᠡᠮᠦᠨ᠎ᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠳᠡᠭᠡᠨ ᠤᠮᠳᠠᠭᠠᠨ᠂ | ᠬᠤᠳᠠᠯᠳᠤᠭ᠎ᠠ ᠳᠡᠯᠭᠡᠭᠦᠷ᠂ ᠦᠵᠡᠮᠵᠢ ᠶᠢᠨ ᠣᠷᠣᠨ ᠤ ᠡᠷᠬᠢᠨ ᠲᠣᠭᠤᠷᠢᠨ ᠵᠡᠷᠭᠡ ᠭᠤᠤᠯᠳᠠᠯᠭ᠎ᠠ ᠲᠠᠢ ᠣᠷᠣᠨ | ᠪᠦᠰᠡ ᠳᠤ ᠴᠢᠭᠯᠡᠭᠦᠯᠦᠨ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠵᠦ᠂ ᠢᠳᠡᠭᠡᠨ ᠤ | ᠮᠠᠲ᠋ᠧᠷᠢᠶᠠᠯ ᠤᠨ ᠢᠷᠡᠯᠲᠡ ᠶᠢ ᠡᠷᠢᠬᠦ᠂ ᠡᠳ᠋ᠰᠢᠭᠦᠯᠦᠨ ᠠᠵᠢᠯᠯᠠᠬᠤ᠂ ᠴᠢᠨᠠᠷ ᠢ ᠪᠠᠲᠤᠯᠠᠬᠤ ᠬᠤᠭᠤᠴᠠᠭ᠎ᠠ ᠵᠡᠷᠭᠡ | ᠭᠤᠭᠴᠤᠭ᠎ᠠ ᠶᠢ ᠴᠢᠩᠭ᠎ᠠ ᠪᠠᠶᠢᠴᠠᠭᠠᠵᠤ᠂ ᠬᠤᠳᠠᠯᠳᠤᠭᠠᠴᠢᠳ ᠢ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠵᠤ᠂ ᠪᠠᠶᠠᠷ ᠤᠨ ᠡᠳᠦᠷ ᠤᠨ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ | ᠭᠡᠵᠦ ᠱᠠᠭᠠᠷᠳᠠᠵᠠᠶ᠃ ︾ | ᠲᠣᠰ ᠤᠳᠠᠭᠠᠨ ᠤ ᠲᠤᠰᠬᠠᠶ ᠪᠠᠶᠢᠴᠠᠭᠠᠯᠲᠠ ᠨᠢ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠤᠬᠠᠶ ︽ | ᠪᠡᠶ᠎ᠡ ᠶᠢᠨ ᠪᠠᠶᠢᠴᠠᠭᠠᠯᠲᠠ︾ ᠪᠣᠯᠬᠤ ᠪᠠᠷ ᠪᠠᠷᠠᠬᠤ ᠥᠬᠡᠶ ᠪᠠᠰᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ | ᠰᠠᠨᠠᠭᠠᠴᠢᠯᠠᠭ᠎ᠠ ᠠᠴᠠ ᠪᠠᠨ ᠠᠵᠢᠯᠯᠠᠬᠤ ᠶᠠᠪᠤᠳᠠᠯ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠰᠠᠯᠪᠤᠷᠢ ᠠᠩᠭᠢ ᠪᠠᠶᠠᠷ ᠤᠨ ᠡᠳᠦᠷ ᠤᠨ ᠬᠡᠷᠡᠭᠯᠡᠭᠡᠨ ᠤ ᠣᠨᠴᠠᠯᠢᠭ ᠲᠠᠢ ᠤᠶᠠᠯᠳᠤᠭᠤᠯᠤᠨ᠂ ᠬᠢᠨᠠᠯᠲᠠ | ᠬᠠᠮᠢᠶᠠᠷᠤᠯᠲᠠ ᠶᠢᠨ ᠭᠤᠤᠯᠳᠠᠯᠭ᠎ᠠ ᠪᠠᠨ ᠬᠥᠳᠡᠯᠦᠩᠭᠦᠶ ᠪᠠᠷ ᠳᠣᠭᠢᠷᠠᠭᠤᠯᠵᠤ᠂ ᠬᠤᠲᠠ ᠶᠢᠨ ᠠᠷᠠᠳ ᠬᠢᠭᠡᠳ | ᠵᠤᠭᠠᠴᠠᠭᠰᠠᠳ ᠤᠨ ᠰᠠᠨᠠᠭ᠎ᠠ ᠠᠮᠤᠷ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠶᠢ ᠦᠨᠡᠨ ᠬᠦ ᠪᠠᠲᠤᠯᠠᠵᠤ᠂ | ᠰᠠᠶᠢᠨ ᠰᠠᠶᠢᠬᠠᠨ ᠬᠡᠷᠡᠭᠯᠡᠭᠡᠨ ᠤ ᠣᠶᠢᠯᠠᠭᠠᠯᠲᠠ ᠶᠢ ᠡᠳ᠋ᠯᠡᠨ᠎ᠡ᠃ |