ᠱᠠᠩᠬᠠᠶ ᠶᠢᠨ ᠮᠣᠩᠭᠤᠯ ᠬᠡᠯᠡᠨ ᠤ ᠵᠢᠭᠤᠯᠴᠢᠯᠠᠯ ᠭᠦᠨᠵᠡᠭᠡᠶ ᠬᠥᠳᠡᠯᠦᠯᠴᠡᠪᠡ︕ ︽ᠥᠪᠥᠷ ᠮᠣᠩᠭᠤᠯ ᠢᠶᠠᠷ ᠵᠣᠷᠴᠢᠬᠤ︾ ᠰᠢᠷᠢᠰ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2025/4/30
 
   ᠱᠠᠩᠬᠠᠢ ᠮᠣᠩᠭᠤᠯ ᠬᠡᠯᠡᠨ ᠤ ᠵᠢᠭᠤᠯᠴᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ︽ᠥᠪᠥᠷ ᠮᠣᠩᠭᠤᠯ ᠢᠶᠠᠷ ᠵᠢᠭᠤᠯᠴᠢᠯᠠᠬᠤ︾ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠪᠥᠬᠦ ᠲᠠᠯ᠎ᠠ ᠪᠠᠷ ᠳᠡᠯᠭᠡᠷᠡᠭᠦᠯᠵᠦ᠂ ᠲᠠᠯ᠎ᠠ ᠨᠤᠲᠤᠭ ᠤᠨ ᠨᠠᠭᠠᠳᠤᠮ ᠤᠨ ᠵᠢᠭᠤᠯᠴᠢᠯᠠᠯ ᠤᠨ ᠪᠦᠲᠦᠭᠡᠭᠳᠡᠬᠦᠨ ᠤ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠨᠠᠩ ᠣᠯᠠᠨ ᠱᠠᠩᠬᠠᠶ ᠶᠢᠨ ᠵᠢᠭᠤᠯᠴᠢᠯᠠᠭᠴᠢᠳ ᠢ ᠥᠪᠥᠷ ᠮᠣᠩᠭᠤᠯ ᠳᠤ ᠲᠡᠳᠡᠨ ᠠᠪᠴᠢᠷᠠᠵᠤ᠂ ᠲᠠᠯ᠎ᠠ ᠨᠤᠲᠤᠭ ᠤᠨ ᠷᠢᠳᠢ ᠰᠢᠳᠢ ᠶᠢ ᠮᠡᠳᠡᠷᠡᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠠᠴᠠ ︽ᠬᠤᠸᠠᠩ ᠫᠦ᠋ ᠵᠢᠶᠠᠩ ᠤᠨ ᠨᠠᠭᠠᠳᠤᠮ︾ ᠤᠨ ᠰᠢᠷᠢᠰ ᠠᠵᠢᠯᠯᠠᠭ᠎ᠠ ᠶᠢ ᠨᠠᠷᠢᠨ ᠨᠢᠮᠪᠠᠶ ᠲᠥᠯᠥᠪᠯᠡᠨ ᠥᠷᠨᠢᠭᠦᠯᠪᠡ᠃    ᠲᠣᠰ ᠤᠳᠠᠭᠠᠨ ᠤ ᠠᠵᠢᠯᠯᠠᠭ᠎ᠠ ᠨᠢ ︽ᠮᠣᠷᠢᠲᠤ ᠴᠡᠷᠢᠭ︾ ᠤᠨ ᠲᠣᠭᠤᠷᠢᠨ ᠲᠣᠭᠯᠠᠯᠲᠠ + ᠺᠤᠸᠠᠢ ᠱᠠᠨ + ᠪᠣᠳᠠᠰ ᠤᠨ ᠪᠤᠰᠤ ᠰᠣᠶᠣᠯ ᠤᠨ ᠥᠪ ᠤᠨ ᠬᠤᠲᠠ ᠶᠢᠨ ᠴᠤᠭᠯᠠᠷᠠᠯ + ᠠᠮᠲᠠᠲᠤ ᠢᠳᠡᠭᠡᠨ ᠤ ᠤᠯᠠᠷᠢᠯ + ᠰᠢᠤᠳᠠᠨ ᠤ ᠬᠥᠯᠭᠡ ᠣᠩᠭᠤᠴᠠᠨ ᠤ ᠲᠠᠨᠢᠯᠴᠠᠭᠤᠯᠭ᠎ᠠ + ᠬᠤᠲᠠ ᠶᠢᠨ ᠲᠣᠭᠤᠷᠢᠨ ᠵᠤᠭᠠᠴᠠᠬᠤ + ᠠᠵᠤ ᠠᠬᠤᠶᠢᠯᠠᠯ ᠢ ᠵᠣᠯᠭᠠᠭᠤᠯᠬᠤ ᠴᠤᠭᠯᠠᠭᠠᠨ︾ ᠵᠡᠷᠭᠡ ᠣᠯᠠᠨ ᠡᠰᠢᠲᠦ ᠰᠢᠨ᠎ᠡ ᠶᠢ ᠡᠭᠦᠳᠬᠦ ᠬᠡᠯᠪᠡᠷᠢ ᠪᠠᠷ ᠱᠠᠩᠬᠠᠶ ᠶᠢᠨ ᠵᠤᠭᠠᠴᠠᠭᠰᠠᠳ ᠤᠨ ᠬᠡᠷᠡᠭᠴᠡᠭᠡ ᠪᠠ ᠠᠵᠢᠯ ᠲᠥᠷᠥᠯ ᠤᠨ ᠡᠬᠢ ᠪᠠᠶᠠᠯᠢᠭ ᠢ ᠨᠠᠷᠢᠯᠢᠭ ᠣᠨᠣᠴᠠᠲᠠᠶ ᠪᠠᠷ ᠵᠣᠯᠭᠠᠭᠤᠯᠵᠤ᠂ ᠵᠢᠪᠦᠮᠡᠯ ᠮᠠᠶ᠋ᠢᠭ ᠤᠨ ᠰᠣᠶᠣᠯ ᠵᠢᠭᠤᠯᠴᠢᠯᠠᠯ ᠤᠨ ᠥᠩᠭᠡᠷᠡᠯᠲᠡ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠪᠠ᠃    4 ᠰᠠᠷ᠎ᠠ ᠶᠢᠨ 26 ᠤ ᠡᠳᠦᠷ ᠠᠴᠠ 28 ᠤ ᠡᠳᠦᠷ ᠪᠣᠯᠲᠠᠯ᠎ᠠ᠂ ᠠᠳᠠᠯᠢ ᠪᠤᠰᠤ ᠭᠤᠣᠯ ᠰᠡᠳᠦᠪᠲᠦ ᠲᠣᠭᠯᠠᠭᠠᠮ ᠡᠭᠡᠯᠵᠢᠯᠡᠨ ᠲᠠᠯᠠᠪᠠᠶ ᠳᠤ ᠭᠠᠷᠴᠤ᠂ ᠨᠠᠭᠠᠳᠤᠮ ᠤᠨ ᠡᠷ᠎ᠡ ᠶᠢᠨ ᠭᠤᠷᠪᠠᠨ ᠵᠦᠢᠯ ᠤᠨ ᠤᠷᠠᠯᠠᠯ ᠢ ᠪᠡᠶᠡᠴᠢᠯᠡᠨ ᠣᠶᠢᠯᠠᠭᠠᠬᠤ᠂ ᠮᠣᠩᠭᠤᠯ ᠬᠤᠪᠴᠠᠰᠤ ᠵᠠᠰᠠᠯ ᠤᠨ ᠵᠢᠭᠤᠯᠴᠢᠯᠠᠯ ᠠᠴᠠ ︽ᠳᠠᠭᠤᠤ ᠶᠢᠨ ᠠᠶᠠᠰ ᠤᠨ ᠳᠣᠲᠣᠷᠠᠬᠢ ᠥᠪᠥᠷ ᠮᠣᠩᠭᠤᠯ︾ ᠤᠨ ᠣᠨᠴᠠᠯᠢᠭᠲᠤ ᠠᠵᠢᠯᠯᠠᠭ᠎ᠠ ᠬᠦᠷᠲᠡᠯ᠎ᠡ᠂ ᠱᠠᠩᠬᠠᠢ ᠥᠪᠥᠷ ᠮᠣᠩᠭᠤᠯ ᠬᠤᠶᠠᠷ ᠭᠠᠵᠠᠷ ᠤᠨ ᠵᠢᠭᠤᠯᠴᠢᠯᠠᠭᠴᠢᠳ ᠤᠨ ᠬᠤᠤᠰ ᠴᠢᠭᠯᠡᠯ ᠢᠶᠠᠷ ᠤᠷᠤᠭᠰᠢᠯᠠᠬᠤ ᠶᠢ ᠪᠥᠬᠦ ᠲᠠᠯ᠎ᠠ ᠪᠠᠷ ᠠᠬᠢᠭᠤᠯᠵᠤ᠂ ᠰᠣᠶᠣᠯ ᠬᠢᠭᠡᠳ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠪᠠ᠃    ᠡᠨᠡ ᠤᠳᠠᠭᠠᠨ ᠤ ᠰᠣᠶᠣᠯ ᠵᠤᠭᠠᠴᠠᠯ ᠤᠨ ᠰᠣᠯᠢᠯᠴᠠᠭᠠᠨ ᠤ ᠠᠵᠢᠯᠯᠠᠭ᠎ᠠ ᠳᠤᠮᠳᠠ᠂ ᠡᠷᠢᠶᠡᠨ ᠬᠤᠳᠠ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠰᠣᠶᠣᠯ ᠵᠤᠭᠠᠴᠠᠯ ᠤᠨ ᠲᠠᠨᠢᠯᠴᠠᠭᠤᠯᠭ᠎ᠠ ᠶᠢᠨ ᠳᠠᠷᠤᠭ᠎ᠠ᠂ ᠤᠯᠠᠭᠠᠨᠮᠥ᠋ᠴᠢᠷ ᠤᠨ ᠭᠡᠰᠢᠭᠦᠨ ᠵᠡᠷᠭᠡ ᠬᠦᠴᠦᠷᠬᠡᠭ ᠶᠡᠭᠡ ᠵᠢᠭᠰᠠᠭᠠᠯ ᠲᠣᠮᠢᠯᠠᠵᠤ᠂ ᠡᠯ᠎ᠡ ᠵᠦᠢᠯ ᠤᠨ ᠤᠨᠴᠠᠯᠢᠬᠳᠤ ᠠᠵᠢᠯᠯᠠᠭ᠎ᠠ ᠳᠤ ᠭᠦᠨᠵᠡᠭᠡᠢ ᠣᠷᠣᠯᠴᠠᠪᠠ᠃ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠳᠠᠷᠤᠭ᠎ᠠ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ︽ᠬᠤᠲᠠ ᠶᠢᠨ ᠣᠷᠣᠯᠠᠨ ᠥᠭᠦᠯᠡᠭᠴᠢ︾ ᠪᠣᠯᠵᠤ᠂ ᠠᠮᠢᠳᠤᠯᠢᠭ ᠲᠠᠶᠢᠯᠪᠤᠷᠢᠯᠠᠬᠤ ᠪᠠᠷ ᠳᠠᠮᠵᠢᠨ ᠱᠠᠩᠬᠠᠶ ᠬᠤᠲᠠ ᠶᠢᠨ ᠠᠷᠠᠳ ᠲᠤ ᠡᠷᠢᠶᠡᠨ ᠬᠤᠲᠠ ᠶᠢᠨ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠪᠠ ᠣᠨᠴᠠᠯᠢᠭᠲᠤ ᠵᠢᠭᠤᠯᠴᠢᠯᠠᠯ ᠤᠨ ᠵᠠᠮ ᠱᠤᠭᠤᠮ ᠢ ᠨᠠᠷᠢᠨ ᠲᠠᠨᠢᠯᠴᠠᠭᠤᠯᠪᠠ᠃ ᠲᠤᠬᠠᠶ ᠶᠢᠨ ᠲᠠᠯᠠᠪᠤᠷ ᠲᠤ ᠨᠠᠷᠢᠨ ᠨᠢᠮᠪᠠᠶ ᠲᠠᠯᠪᠢᠭᠰᠠᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠵᠢᠷᠤᠭ ᠨᠢ ᠡᠷᠢᠶᠡᠨ ᠬᠤᠲᠠ ᠶᠢᠨ ᠥᠪᠡᠷᠮᠢᠴᠡ ᠥᠩᠭᠡ ᠦᠵᠡᠮᠵᠢ ᠶᠢ ᠰᠢᠭᠤᠳ ᠬᠠᠷᠠᠪᠠ︔ ᠶᠡᠭᠡ ᠬᠡᠮᠵᠢᠶᠡᠨ ᠤ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠨᠢ ᠨᠠᠩ ᠴᠤ ᠡᠨᠡ ᠬᠦ ᠤᠮᠠᠷᠠᠲᠤ ᠬᠢᠯᠢ ᠶᠢᠨ ᠪᠣᠭᠤᠮᠲᠠ ᠶᠢᠨ ᠬᠤᠲᠠ ᠶᠢᠨ ᠥᠪᠡᠷᠮᠢᠴᠡ ᠷᠢᠳᠢ ᠰᠢᠳᠢ ᠶᠢ ᠲᠤᠬᠠᠶ ᠶᠢᠨ ᠲᠠᠯᠠᠪᠤᠷ ᠤᠨ ᠱᠠᠩᠬᠠᠶ ᠬᠤᠲᠠ ᠶᠢᠨ ᠠᠷᠠᠳ ᠨᠢᠭᠡᠪᠦᠷᠢ ᠶᠢᠨ ᠭᠠᠷ ᠲᠤ ᠳᠠᠮᠵᠢᠭᠤᠯᠤᠭᠰᠠᠨ ᠶᠠᠪᠤᠳᠠᠯ ᠪᠣᠯᠤᠨ᠎ᠠ᠃ ᠡᠭᠦᠨ ᠤ ᠬᠠᠮᠲᠤ᠂ ᠨᠠᠭᠠᠳᠤᠮ ᠤᠨ ᠵᠠᠬ᠎ᠠ ᠳᠡᠯᠭᠡᠭᠦᠷ ᠲᠤ ᠴᠤᠭᠯᠠᠷ ᠠᠬᠤ ᠳᠤ᠂ ᠡᠷᠢᠶᠡᠨ ᠬᠤᠲᠠ ᠶᠢᠨ ᠣᠨᠴᠠᠯᠢᠭᠲᠤ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠨᠢ ᠣᠯᠠᠨ ᠤ ᠠᠩᠬᠠᠷᠤᠯ ᠢ ᠲᠠᠲᠠᠵᠤ᠂ ᠲᠤᠬᠠᠢ ᠶᠢᠨ ᠭᠠᠵᠠᠷ ᠤᠨ ᠭᠦᠨ ᠵᠤᠵᠠᠭᠠᠨ ᠰᠣᠶᠣᠯ ᠤᠨ ᠠᠭᠤᠯᠭ᠎ᠠ ᠶᠢ ᠳᠡᠯᠭᠡᠨ ᠦᠵᠡᠭᠦᠯᠬᠦ ᠪᠠᠷ ᠪᠠᠷᠠᠬᠤ ᠦᠭᠡᠢ᠂ ᠪᠠᠰᠠ ᠳᠡᠯᠭᠡᠨ ᠦᠵᠡᠭᠦᠯᠬᠦ ᠪᠠ ᠪᠣᠷᠣᠯᠠᠭᠤᠯᠬᠤ ᠬᠡᠯᠪᠡᠷᠢ ᠪᠠᠷ ᠳᠠᠮᠵᠢᠭᠤᠯᠤᠨ᠂ ᠨᠡᠩ ᠣᠯᠠᠨ ᠬᠥᠮᠦᠨ ᠢ ︽ᠡᠷᠢᠶᠡᠨ ᠬᠤᠲᠠ ᠶᠢᠨ ᠳᠤᠷᠠᠰᠤᠮᠵᠢ︾ ᠶᠢ ᠭᠡᠷ ᠲᠡᠭᠡᠨ ᠠᠪᠠᠴᠢᠪᠠ᠃    ᠤᠯᠠᠭᠠᠨᠮᠥ᠋ᠴᠢᠷ ᠤᠨ ᠭᠡᠰᠢᠭᠦᠳ ᠦᠨᠳᠦᠰᠦᠲᠡᠨ ᠤ ᠵᠠᠩ ᠠᠭᠠᠯᠢ ᠪᠢᠯᠬᠠᠭᠰᠠᠨ ᠲᠣᠭᠯᠠᠯᠲᠠ ᠪᠠᠷ᠂ ᠲᠠᠯ᠎ᠠ ᠨᠤᠲᠤᠭ ᠤᠨ ᠰᠣᠶᠣᠯ ᠤᠨ ᠬᠠᠯᠠᠭᠤᠨ ᠰᠡᠳᠬᠢᠯᠭᠡ ᠪᠣᠯᠤᠨ ᠣᠮᠤᠭ ᠵᠣᠷᠢᠭ ᠢ ᠱᠠᠩᠬᠠᠶ ᠬᠤᠲᠠ ᠶᠢᠨ ᠠᠷᠠᠳ ᠤᠨ ᠳᠡᠷᠭᠡᠳᠡ ᠠᠪᠴᠢᠷᠠᠵᠤ᠂ ᠲᠤᠬᠠᠶ ᠶᠢᠨ ᠲᠠᠯᠠᠪᠤᠷ ᠲᠤ ᠠᠯᠠᠭ᠎ᠠ ᠲᠡᠰᠢᠯᠲᠡ ᠶᠢᠨ ᠲᠠᠭᠤᠨ ᠲᠠᠰᠤᠷᠠᠯᠲᠠ ᠥᠬᠡᠶ ᠦᠷᠬᠦᠯᠵᠢᠯᠡᠵᠦ᠂ ᠱᠠᠩᠬᠠᠶ ᠬᠤᠲᠠ ᠶᠢᠨ ᠠᠷᠠᠳ ᠤᠨ ᠡᠷᠢᠶᠡᠨ ᠬᠤᠲᠠ ᠶᠢᠨ ᠲᠤᠬᠠᠶ ᠣᠶᠢᠯᠠᠭᠠᠯᠲᠠ ᠪᠠ ᠬᠦᠰᠡᠯ ᠡᠷᠡᠮᠡᠯᠵᠡᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃    ᠡᠨᠡ ᠤᠳᠠᠭᠠᠨ ᠤ ︽ᠬᠤᠸᠠᠩ ᠫᠦ᠋ ᠵᠢᠶᠠᠩ ᠤᠨ ᠨᠠᠭᠠᠳᠤᠮ︾ ᠤᠨ ᠰᠢᠷᠢᠰ ᠠᠵᠢᠯᠯᠠᠭ᠎ᠠ ᠪᠣᠯ ᠱᠠᠩᠬᠠᠶ ᠮᠣᠩᠭᠤᠯ ᠬᠡᠯᠡᠨ ᠤ ᠵᠤᠭᠠᠴᠠᠯ ᠤᠨ ᠬᠠᠮᠲᠤᠷᠠᠯᠴᠠᠭᠠᠨ ᠤ ᠴᠢᠬᠤᠯᠠ ᠠᠵᠠ ᠲᠣᠬᠢᠶᠠᠯ ᠪᠣᠯᠤᠨ᠎ᠠ᠂ ᠡᠷᠢᠶᠡᠨ ᠬᠤᠲᠠ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠣᠯᠠᠨ ᠬᠡᠮᠵᠢᠯᠲᠡ᠂ ᠣᠯᠠᠨ ᠬᠡᠯᠪᠡᠷᠢ ᠪᠠᠷ ᠳᠠᠮᠵᠢᠭᠤᠯᠤᠨ ᠱᠠᠩᠬᠠᠶ ᠶᠢᠨ ᠬᠤᠲᠠ ᠶᠢᠨ ᠠᠷᠠᠳ ᠲᠤ ᠡᠨᠡ ᠬᠦ ᠬᠢᠯᠢ ᠶᠢᠨ ᠬᠤᠲᠠ ᠶᠢᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠵᠦ᠂ ᠥᠷᠭᠡᠨ ᠣᠯᠠᠨ ᠱᠠᠩᠬᠠᠶ ᠶᠢᠨ ᠬᠤᠲᠠ ᠶᠢᠨ ᠠᠷᠠᠳ ᠢ ᠥᠪᠥᠷ ᠮᠣᠩᠭᠤᠯ ᠤᠨ ᠡᠷᠢᠶᠡᠨ ᠬᠤᠲᠠ ᠳᠤ ᠤᠷᠢᠵᠤ᠂ ᠮᠠᠷᠲᠠᠭᠳᠠᠰᠢ ᠥᠬᠡᠶ ᠲᠠᠯ᠎ᠠ ᠨᠤᠲᠤᠭ ᠤᠨ ᠠᠶᠠᠯᠠᠯ ᠢᠶᠠᠨ ᠡᠬᠢᠯᠡᠭᠦᠯᠪᠡ︕
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号