| | | ︽ᠲᠠᠪᠤᠨ ᠰᠠᠷ᠎ᠠ ᠶᠢᠨ ᠨᠢᠭᠡᠨ︾ ᠳᠤ ᠬᠤᠯᠠ ᠶᠠᠪᠤᠬᠤ ᠴᠢᠬᠤᠯᠠ ᠦᠭᠡᠢ᠂ ᠰᠠᠶᠢᠬᠤᠰᠤ ᠭᠠᠴᠠᠭᠠᠨ ᠳᠤ ᠨᠢᠭᠡ | ᠲᠠᠯᠠᠪᠤᠷ ᠬᠥᠳᠡᠭᠡ ᠨᠤᠲᠤᠭ ᠤᠨ ᠪᠣᠯᠵᠤᠭ᠎ᠠ ᠲᠠᠢ ᠳ᠋ᠠ︕ ᠨᠢᠭᠡᠨ ᠰᠢᠨ᠎ᠡ ᠰᠣᠷᠭᠤᠭ ᠵᠢᠮᠢᠰ ᠲᠡᠭᠦᠵᠦ᠂ ᠨᠤᠲᠤᠭ ᠤᠨ | ᠦᠨᠦᠷ ᠠᠮᠲᠠ ᠶᠢ ᠠᠮᠲᠠᠯᠠᠵᠤ᠂ ᠲᠠᠷᠢᠶᠠᠨ ᠦᠵᠦᠬᠦᠷ ᠲᠤ ᠪᠡᠶ᠎ᠡ ᠰᠡᠳᠬᠢᠯ ᠢ ᠵᠠᠰᠠᠵᠤ᠂ ᠬᠥᠳᠡᠭᠡ ᠲᠣᠰᠬᠤᠨ ᠤ | ᠠᠮᠢᠳᠤᠷᠠᠯ ᠤᠨ ᠴᠢᠨᠠᠷ ᠴᠢᠨᠰᠠᠭ᠎ᠠ ᠪᠠ ᠰᠠᠶᠢᠨ ᠰᠠᠶᠢᠬᠠᠨ ᠪᠠᠶᠢᠳᠠᠯ ᠢ ᠣᠶᠢᠯᠠᠭᠠᠪᠠ᠃ | ᠲᠠᠪᠤᠨ ᠰᠠᠷ᠎ᠠ ᠶᠢᠨ ᠨᠢᠭᠡᠨ ᠤ ᠬᠤᠭᠤᠴᠠᠭᠠᠨ ᠳᠤ᠂ ᠭᠧ ᠯᠢᠨ ᠹᠦ᠋ ᠲᠠᠷᠢᠶᠠᠯᠠᠩ ᠮᠠᠯ ᠠᠵᠤ ᠠᠬᠤᠶ ᠶᠢᠨ | ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠲᠡᠭᠦᠬᠦ ᠬᠦᠷᠢᠶᠡᠯᠡᠩ ᠬᠢᠭᠡᠳ ᠲᠠᠷᠢᠶᠠᠴᠢᠨ ᠠᠶᠢᠯ ᠤᠨ ᠬᠦᠷᠢᠶᠡᠯᠡᠩ | ᠵᠢᠩᠬᠢᠨᠢ ᠪᠠᠷ ᠡᠬᠢᠯᠡᠪᠡ᠃ ᠲᠡᠭᠦᠬᠦ ᠬᠦᠷᠢᠶᠡᠯᠡᠩ ᠳᠤ ᠣᠷᠣᠬᠤ ᠳᠤ᠂ ᠨᠢᠭᠤᠷ ᠳᠡᠭᠡᠷ᠎ᠡ ᠨᠢ ᠰᠢᠨ᠎ᠡ ᠰᠣᠷᠭᠤᠭ ᠡᠪᠡᠰᠦ | ᠮᠣᠳᠣᠨ ᠤ ᠠᠩᠬᠢᠯᠤᠮ᠎ᠠ ᠦᠨᠦᠷ ᠪᠠ ᠵᠢᠮᠢᠰ ᠤᠨ ᠦᠨᠦᠷ ᠬᠠᠩᠬᠤᠯᠤᠨ᠎ᠠ᠃ ᠰᠢᠷ᠎ᠠ ᠲᠥᠪᠡᠳ ᠬᠠᠰᠢ᠂ ᠲᠥᠪᠡᠳ | ᠬᠠᠰᠢ᠂ ᠥᠷᠭᠡᠰᠦᠲᠦ ᠬᠡᠮᠬᠡ ᠵᠡᠷᠭᠡ ᠲᠣᠰ ᠤᠯᠠᠷᠢᠯ ᠤᠨ ᠵᠢᠮᠢᠰ ᠨᠣᠭᠤᠭ᠎ᠠ ᠶᠠᠭ ᠡᠯᠪᠡᠭ ᠬᠤᠷᠢᠶᠠᠯᠲᠠ ᠣᠯᠵᠤ᠂ | ᠥᠩᠭᠡ ᠳᠦᠭᠦᠷᠡᠩ ᠤᠷᠭᠤᠵᠤ᠂ ᠥᠩᠭᠡ ᠪᠤᠳᠤᠭ ᠨᠢ ᠬᠥᠮᠦᠰ ᠤᠨ ᠪᠠᠭ᠋ᠠᠷᠬᠠᠯ ᠢ ᠲᠠᠲᠠᠨ᠎ᠠ᠃ | ᠲᠡᠭᠦᠬᠦ ᠲᠠᠰᠢᠷᠠᠮ ᠳᠤ᠂ ᠬᠥᠷᠰᠢ ᠵᠡᠷᠭᠡᠯᠡᠳᠡᠭᠡ ᠲᠠᠷᠢᠶᠠᠴᠢᠨ ᠠᠶᠢᠯ ᠤᠨ ᠬᠦᠷᠢᠶᠡᠨ ᠳᠤ ᠨᠢᠭᠡᠨᠲᠡ ᠬᠥᠳᠡᠭᠡ | ᠲᠣᠰᠬᠤᠨ ᠤ ᠦᠨᠦᠷ ᠠᠮᠲᠠ ᠶᠢ ᠰᠠᠶᠢᠲᠤᠷ ᠪᠡᠯᠡᠳᠬᠡᠵᠦ᠂ ᠵᠥᠭᠡᠯᠡᠨ ᠰᠠᠯᠬᠢᠨ ᠤ ᠠᠶᠠᠰ ᠢᠶᠠᠷ ᠪᠢᠯᠬᠠᠵᠤ᠂ ᠳᠠᠬᠢᠨ | ᠨᠢᠭᠡ ᠠᠶᠠᠭ᠎ᠠ ᠪᠤᠳᠠᠭ᠎ᠠ ᠴᠢᠨᠠᠵᠤ ᠪᠠᠶᠢᠭ᠎ᠠ ᠰᠢᠩᠭᠡᠨ ᠪᠤᠳᠠᠭ᠎ᠠ ᠢ ᠲᠣᠬᠢᠷᠠᠭᠤᠯᠵᠤ᠂ ᠬᠥᠳᠡᠭᠡ ᠲᠣᠰᠬᠤᠨ ᠤ ᠥᠳᠬᠡᠨ | ᠵᠤᠵᠠᠭᠠᠨ ᠰᠠᠯᠬᠢ ᠪᠣᠯᠤᠨ ᠪᠠᠶᠠᠷ ᠪᠠᠶᠠᠰᠬᠤᠯᠠᠩᠲᠤ ᠠᠮᠠᠷᠠᠯᠲᠠ ᠶᠢᠨ ᠬᠤᠭᠤᠴᠠᠭ᠎ᠠ ᠯᠤᠭ᠎ᠠ ᠮᠥᠷᠭᠦᠯᠳᠦᠵᠦ᠂ ᠡᠨᠡ ᠬᠦ | ︽5 · 1︾ ᠤ ᠪᠣᠭᠤᠮᠲᠠ ᠶᠢᠨ ᠬᠢᠯᠢ ᠶᠢᠨ ᠬᠤᠲᠠ ᠳᠤ ︽ᠤᠲᠤᠭ᠎ᠠ ᠤᠨᠢᠶᠠᠷ︾ ᠢ ᠮᠡᠳᠡᠷᠡᠵᠦ᠂ ᠨᠢᠭᠡᠨ ᠲᠡᠭᠦᠯᠳᠡᠷ | ᠪᠥᠭᠡᠳ ᠪᠠᠶᠠᠷ ᠬᠥᠷ ᠲᠠᠢ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠡᠵᠦ᠂ ᠬᠥᠳᠡᠭᠡ ᠲᠣᠰᠬᠤᠨ ᠤ ᠠᠮᠢᠳᠤᠷᠠᠯ ᠤᠨ | ᠥᠪᠡᠷᠮᠢᠴᠡ ᠷᠢᠳᠢ ᠰᠢᠳᠢ ᠶᠢ ᠮᠡᠳᠡᠷᠡᠪᠡ᠃ | ᠡᠷᠢᠶᠡᠨ ᠬᠤᠲᠠ ᠶᠢᠨ ᠭᠧ ᠯᠢᠨ ᠹᠦ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠬᠢᠵᠠᠭᠠᠷᠲᠤ | ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠱᠢᠶᠠ᠄ ︽ᠲᠠᠪᠤᠨ ᠰᠠᠷ᠎ᠠ ᠶᠢᠨ ᠨᠢᠭᠡᠨ ᠭᠧ ᠯᠢᠨ ᠹᠦ ᠲᠡᠭᠦᠬᠦ ᠬᠦᠷᠢᠶᠡᠯᠡᠩ | ᠵᠢᠩᠬᠢᠨᠢ ᠪᠠᠷ ᠡᠭᠦᠳᠡ ᠪᠠᠨ ᠨᠡᠭᠡᠭᠡᠪᠡ᠂ ᠮᠠᠨ ᠤ ᠣᠳᠣ ᠲᠡᠭᠦᠵᠦ ᠠᠪᠤᠭᠰᠠᠨ ᠲᠥᠷᠥᠯ ᠵᠦᠢᠯ ᠨᠢ ᠲᠥᠪᠡᠳ ᠬᠠᠰᠢ᠂ | ᠥᠷᠭᠡᠰᠦᠲᠦ ᠬᠡᠮᠬᠡ ᠪᠠᠶᠢᠵᠦ᠂ ᠪᠦᠷ ᠪᠡᠯᠡᠨ ᠢᠳᠡᠵᠦ ᠪᠣᠯᠤᠨ᠎ᠠ᠂ ᠤᠰᠤ ᠪᠠᠷ ᠤᠬᠢᠶᠠᠬᠤ ᠴᠢᠬᠤᠯᠠ ᠦᠭᠡᠢ᠂ | ᠪᠣᠬᠢᠷᠲᠤᠯ ᠦᠭᠡᠢ ᠪᠠᠷᠢᠮᠵᠢᠶ᠎ᠠ ᠳᠤ ᠪᠦᠷᠢᠮᠦᠰᠦᠨ ᠨᠠᠶᠢᠴᠠᠵᠦ᠂ ᠲᠠᠪᠤᠨ ᠰᠠᠷ᠎ᠠ ᠶᠢᠨ ᠨᠢᠭᠡᠨ ᠤ ᠬᠤᠭᠤᠴᠠᠭᠠᠨ ᠳᠤ᠂ | ᠣᠯᠠᠨ ᠢᠶᠠᠷ ᠢᠶᠠᠨ ᠭᠡᠷ ᠤᠨ ᠬᠥᠮᠦᠰ ᠢᠶᠠᠨ ᠳᠠᠭᠠᠭᠤᠯᠤᠨ ᠬᠠᠪᠤᠷ ᠠᠵᠢᠯᠯᠠᠵᠤ᠂ ᠰᠠᠶᠢᠬᠤᠰᠦ ᠳᠤ ᠢᠷᠡᠵᠦ ᠮᠠᠨ ᠤ | ᠴᠣᠷ ᠤᠨ ᠭᠠᠭᠴᠠ ᠲᠠᠷᠢᠶᠠᠯᠠᠬᠤ ᠣᠷᠣᠨ᠂ ᠲᠠᠷᠢᠶᠠᠨ ᠭᠠᠵᠠᠷ ᠤᠨ ᠠᠮᠢᠳᠤᠷᠠᠯ ᠢ ᠮᠡᠳᠡᠷᠡᠬᠦᠯᠬᠦ ᠶᠢ ᠬᠦᠰᠡᠵᠦ ᠪᠠᠶᠢᠨ᠎ᠠ᠃ | ᠬᠠᠪᠤᠷ ᠤᠨ ᠠᠭᠤᠷ ᠣᠷᠣᠬᠤ ᠳᠤ᠂ ᠰᠠᠶᠢᠬᠤᠰᠤ ᠮᠠᠨ ᠤ ᠴᠤᠷ ᠤᠨ ᠭᠠᠭᠴᠠ ᠲᠠᠷᠢᠶᠠᠯᠠᠬᠤ ᠣᠷᠣᠨ ᠤ ᠲᠠᠷᠢᠶᠠᠨ | ᠭᠠᠵᠠᠷ ᠤᠨ ᠠᠮᠢᠳᠤᠷᠠᠯ ᠢ ᠮᠡᠳᠡᠷᠡᠪᠡ᠃ | ᠣᠶᠢᠷ᠎ᠠ ᠶᠢᠨ ᠵᠢᠯ ᠳᠤ᠂ ᠰᠠᠶᠢᠬᠤᠰᠦ ᠭᠠᠴᠠᠭ᠎ᠠ ᠡᠬᠢ ᠪᠠᠶᠠᠯᠢᠭ ᠲᠤ ᠲᠦᠰᠢᠭᠯᠡᠨ ︽ᠲᠠᠷᠢᠶᠠᠯᠠᠩ ᠤᠨ | ᠵᠢᠭᠤᠯᠴᠢᠯᠠᠯ︾ ᠤᠨ ᠵᠠᠭᠪᠤᠷ ᠢ ᠬᠥᠭᠵᠢᠭᠦᠯᠵᠦ᠂ ᠵᠢᠭᠤᠯᠴᠢᠯᠠᠭᠴᠢᠳ ᠲᠤ ᠰᠡᠯᠡᠭᠦᠴᠡᠨ ᠠᠮᠠᠷᠠᠬᠤ ᠰᠠᠶᠢᠨ ᠭᠠᠵᠠᠷ ᠢ | ᠬᠠᠩᠭᠠᠭᠰᠠᠨ ᠢᠶᠠᠷ ᠪᠠᠷᠠᠬᠤ ᠥᠬᠡᠶ᠂ ᠢᠳᠡᠰᠢᠨ ᠨᠣᠭᠤᠭ᠎ᠠ ᠶᠢᠨ ᠲᠠᠷᠢᠶᠠᠴᠢᠳ ᠤᠨ ᠠᠵᠢᠯ ᠣᠯᠵᠤ ᠣᠷᠣᠯᠭ᠎ᠠ ᠪᠠᠨ | ᠨᠡᠮᠡᠭᠳᠡᠭᠦᠯᠬᠦ ᠶᠢ ᠨᠠᠩ ᠳᠠᠶᠢᠴᠢᠯᠠᠭᠰᠠᠨ ᠪᠠᠶᠢᠨ᠎ᠠ᠃ |