| | 4 ᠰᠠᠷ᠎ᠠ ᠶᠢᠨ 2 ᠤᠨ ᠡᠳᠦᠷ᠂ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ 2025 ᠣᠨ ᠤ | ᠬᠤᠶᠠᠳᠤᠭᠠᠷ ᠤᠳᠠᠭᠠᠨ ᠤ ᠲᠣᠭᠲᠠᠮᠠᠯ ᠬᠤᠷᠠᠯ ᠵᠢᠴᠢ ᠣᠶᠢᠷ᠎ᠠ ᠶᠢᠨ ᠬᠤᠭᠤᠴᠠᠭᠠᠨ ᠤ ᠠᠶᠤᠯᠭᠦᠶ ᠦᠢᠯᠡᠳᠪᠦᠷᠢᠯᠡᠯ ᠤᠨ | ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ | ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠠᠭᠠᠷ ᠤᠨ ᠳᠤᠯᠠᠭᠠᠨ ᠰᠠᠶᠢᠵᠢᠷᠠᠬᠤ ᠶᠢ ᠳᠠᠭᠠᠯᠳᠤᠨ᠂ ᠮᠠᠨ ᠤ | ᠬᠤᠲᠠ ᠴᠤ ᠪᠥᠬᠦ ᠲᠠᠯ᠎ᠠ ᠪᠠᠷ ᠠᠵᠢᠯ ᠢᠶᠠᠨ ᠰᠡᠷᠭᠦᠭᠡᠬᠦ ᠱᠠᠲᠤᠨ ᠳᠤ ᠣᠷᠣᠵᠤ᠂ ᠬᠥᠮᠦᠨ ᠤ ᠤᠷᠤᠰᠬᠠᠯ᠂ ᠲᠡᠷᠭᠡᠨ ᠤ | ᠤᠷᠤᠰᠬᠠᠯ᠂ ᠪᠠᠷᠠᠭᠠᠨ ᠤ ᠭᠦᠢᠯᠭᠡᠭᠡ ᠡᠳᠦᠷ ᠢᠷᠡᠬᠦᠶ᠎ᠡ ᠨᠢᠭᠲᠠᠷᠠᠵᠤ᠂ ᠵᠠᠮ ᠬᠠᠷᠢᠯᠴᠠᠭ᠎ᠠ᠂ ᠬᠥᠮᠦᠨ ᠬᠠᠷ᠎ᠠ ᠬᠤᠷᠠᠨ | ᠴᠤᠭᠯᠠᠷᠠᠭᠰᠠᠨ ᠲᠠᠯᠠᠪᠤᠷ ᠭᠠᠵᠠᠷ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠬᠦᠷᠢᠶᠡᠨ ᠳᠠᠬᠢ ᠠᠮᠤᠷ | ᠲᠦᠪᠰᠢᠨ ᠤ ᠰᠡᠷᠭᠡᠶᠢᠯᠡᠯᠲᠡ ᠶᠢᠨ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠃ ᠡᠯ᠎ᠡ ᠰᠠᠯᠠᠭ᠎ᠠ | ᠮᠥᠴᠢᠷ᠂ ᠨᠢᠭᠡᠴᠡ ᠨᠦᠭᠦᠳ ᠠᠮᠤᠷ ᠲᠦᠪᠰᠢᠨ ᠤ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠰᠤᠷᠭᠠᠮᠵᠢ | ᠠᠪᠴᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠮᠢᠨᠴᠦᠭᠦᠷᠡᠬᠦ ᠦᠵᠡᠯ ᠰᠠᠨᠠᠭ᠎ᠠ | ᠪᠠ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠶ ᠲᠥᠯᠥᠪᠵᠢᠭᠦᠯᠬᠦ ᠶᠢ ᠡᠯ᠎ᠡ ᠬᠦᠷᠢᠶ᠎ᠡ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ᠂ ᠠᠮᠤᠷ | ᠲᠦᠪᠰᠢᠨ ᠤ ᠰᠡᠷᠭᠡᠶᠢᠯᠡᠯᠲᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ | ᠬᠤᠷᠠᠯ ᠠᠴᠠ᠂ ᠬᠠᠩᠰᠢ ᠶᠢᠨ ᠡᠳᠦᠷ ᠬᠦᠷᠴᠦ ᠢᠷᠡᠬᠦ ᠭᠡᠵᠦ ᠪᠠᠶᠢᠨ᠎ᠠ᠂ ᠵᠤᠭᠠᠴᠠᠯ ᠤᠨ ᠭᠠᠳᠠᠭᠰᠢ ᠭᠠᠷᠬᠤ᠂ | ᠬᠠᠩᠰᠢ ᠶᠢᠨ ᠲᠠᠬᠢᠯᠭ᠎ᠠ ᠵᠡᠷᠭᠡ ᠠᠵᠢᠯᠯᠠᠭ᠎ᠠ ᠨᠡᠮᠡᠭᠳᠡᠵᠦ᠂ ᠡᠯ᠎ᠡ ᠨᠢᠭᠡᠴᠡ ᠶᠢᠨ ᠬᠢᠨ ᠬᠠᠷᠢᠭᠤᠴᠠᠯᠭ᠎ᠠ ᠪᠠᠨ | ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠠᠷᠠᠳ ᠤᠯᠠᠨ ᠤ ᠠᠮᠢ ᠨᠠᠰᠤ ᠡᠳ᠋ | ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠵᠡᠷᠭᠡ ᠰᠠᠯᠠᠭ᠎ᠠ | ᠮᠥᠴᠢᠷ ᠤᠳ ︽ᠬᠤᠶᠠᠷ ᠠᠶᠠᠨᠴᠢᠳ ᠤᠨ ᠨᠢᠭᠡ ᠠᠶᠤᠯ ᠲᠦᠭᠰᠢᠭᠦᠷᠢ︾ ᠲᠡᠷᠭᠡ ᠬᠥᠰᠬᠡ ᠶᠢ ᠵᠠᠰᠠᠬᠤ ᠠᠵᠢᠯ ᠢ | ᠲᠣᠪᠤᠶᠢᠮ᠎ᠠ ᠰᠠᠶᠢᠲᠤᠷ ᠠᠳᠬᠤᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠂ ᠵᠠᠮ ᠬᠠᠷᠢᠯᠴᠠᠭᠠᠨ ᠤ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ | ᠬᠡᠷᠡᠭᠲᠡᠶ᠃ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠣᠨᠴᠠᠭᠠᠶ ᠠᠵᠢᠯ ᠤᠨ | ᠬᠠᠮᠢᠶᠠᠷᠤᠯᠲᠠ ᠪᠠᠨ ᠴᠢᠩᠭᠠᠳᠬᠠᠵᠤ᠂ ᠪᠠᠶᠢᠴᠠᠭᠠᠨ ᠰᠡᠯᠪᠢᠨ ᠵᠠᠰᠠᠬᠤ ᠠᠵᠢᠯ ᠤᠨ ᠠᠮᠤᠷ ᠲᠦᠪᠰᠢᠨ ᠤ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠡᠷᠡᠭᠲᠡᠶ᠃ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠠᠷᠢᠯᠭ᠎ᠠ ᠶᠢᠨ ᠠᠵᠢᠯ ᠤᠨ ᠲᠤᠬᠠᠶ ᠶᠢᠨ ᠭᠠᠵᠠᠷ ᠤᠨ | ᠠᠮᠤᠷ ᠲᠦᠪᠰᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ᠂ ᠠᠵᠢᠯᠯᠠᠵᠤ ᠪᠠᠶᠢᠭ᠎ᠠ ᠬᠥᠮᠦᠰ ᠤᠨ ᠠᠵᠢᠯ ᠤᠨ | ᠪᠠᠶᠢᠷᠢ ᠳᠤ ᠭᠠᠷᠬᠤ ᠠᠴᠠ ᠡᠮᠦᠨᠡᠬᠢ ᠠᠮᠤᠷ ᠲᠦᠪᠰᠢᠨ ᠤ ᠪᠣᠯᠪᠠᠰᠤᠷᠠᠯ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠬᠤ | ᠬᠡᠷᠡᠭᠲᠡᠶ᠃ ᠡᠯ᠎ᠡ ᠨᠢᠭᠡᠴᠡ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ 24 ᠴᠠᠭ ᠢᠶᠠᠷ ᠵᠢᠵᠢᠭᠦᠷᠯᠡᠨ ᠰᠠᠬᠢᠬᠤ | ᠲᠦᠷᠢᠮ ᠵᠢᠴᠢ ᠤᠳᠤᠷᠢᠳᠤᠯᠭ᠎ᠠ ᠵᠢᠵᠢᠭᠦᠷ ᠳᠠᠭᠠᠭᠤᠯᠬᠤ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ |