【 ᠠᠷᠠᠳ ᠨᠡᠶᠢᠲᠡ ᠶᠢᠨ ᠤᠯᠤᠰ ᠤᠨ ᠠᠮᠤᠷ ᠲᠦᠪᠰᠢᠨ ᠤ ᠬᠦᠮᠦᠵᠢᠯ 】 ︽ᠮᠣᠷᠢᠨ ᠨᠢᠷᠤᠭᠤᠨ ᠳᠡᠭᠡᠷᠡᠬᠢ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠶᠢᠨ ᠠᠩᠭᠢ︾᠄ ᠤᠯᠤᠰ ᠤᠨ ᠠᠮᠤᠷ ᠲᠦᠪᠰᠢᠨ ᠤ ᠤᠬᠠᠮᠰᠠᠷ ᠢ ᠲᠠᠯ᠎ᠠ ᠨᠤᠲᠤᠭ ᠲᠤ ᠦᠨᠳᠦᠰᠦᠯᠡᠭᠦᠯᠦᠨ᠎ᠡ
ᠨᠡᠶᠢᠲᠡᠯᠡᠭᠰᠡᠨ ᠴᠠᠭ᠄
2025/4/7
     ᠠᠷᠪᠠᠳᠤᠭᠠᠷ ︽4 · 15︾ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠡᠷᠢᠶᠡᠨ ᠬᠤᠲᠠ ᠶᠢᠨ ᠭᠡᠷᠡᠯᠳᠦᠠᠣᠳᠦ ᠰᠣᠮᠣᠨ ᠤ ᠬᠢᠯᠢ ᠶᠢᠨ ᠲᠣᠮᠢᠯᠠᠭᠰᠠᠨ ᠰᠠᠯᠪᠤᠷᠢ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠭᠰᠠᠨ ᠠᠷᠪᠠᠨ ᠵᠢᠯ ᠤᠨ ᠣᠶ︾ ᠭᠡᠬᠦ ᠭᠤᠤᠯ ᠰᠡᠳᠦᠪ ᠤᠨ ᠲᠣᠭᠤᠷᠢᠨ ᠳᠤ᠂ ᠬᠢᠯᠢ ᠶᠢᠨ ᠬᠠᠮᠠᠭᠠᠯᠠᠯᠲᠠ ᠶᠢᠨ ᠥᠷᠲᠡᠭᠡ ᠳᠤ ᠲᠦᠰᠢᠭᠯᠡᠨ ︽ᠮᠣᠷᠢᠨ ᠳᠡᠭᠡᠷᠡᠬᠢ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠶᠢᠨ ᠠᠩᠭᠢ︾ ᠶᠢ ᠵᠣᠬᠢᠶᠠᠨ ᠪᠠᠶᠢᠭᠤᠯᠵᠤ᠂ ᠮᠠᠯᠵᠢᠬᠤ ᠣᠷᠣᠨ ᠳᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠡᠬᠢᠯᠡᠭᠦᠯᠪᠡ᠃      ᠮᠠᠯᠵᠢᠬᠤ ᠣᠷᠣᠨ ᠤ ᠭᠠᠵᠠᠷ ᠠᠭᠤᠳᠠᠮ ᠬᠥᠮᠦᠨ ᠰᠡᠶᠢᠷᠡᠭ᠂ ᠵᠠᠮ ᠬᠠᠷᠢᠯᠴᠠᠭ᠎ᠠ ᠳᠥᠭᠦᠮ ᠦᠭᠡᠢ ᠪᠠᠶᠢᠬᠤ ᠣᠨᠴᠠᠯᠢᠭ ᠲᠤ ᠴᠢᠭᠯᠡᠭᠦᠯᠦᠨ᠂ ᠲᠣᠮᠢᠯᠠᠭᠰᠠᠨ ᠰᠠᠯᠪᠤᠷᠢ 10 ᠴᠠᠭᠳᠠᠭᠠᠨ ᠤ ᠬᠦᠴᠦᠨ ᠢ ᠰᠣᠩᠭᠤᠨ ︽ᠮᠣᠷᠢᠨ ᠨᠢᠷᠤᠭᠤᠨ ᠳᠡᠭᠡᠷᠡᠬᠢ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠶᠢᠨ ᠠᠩᠭᠢ︾ ᠶᠢ ᠪᠦᠷᠢᠯᠳᠦᠭᠦᠯᠵᠦ᠂ ᠬᠢᠯᠢ ᠶᠢᠨ ᠥᠷᠲᠡᠭᠡ ᠪᠠᠷ ᠲᠤᠯᠬᠤ ᠴᠡᠭ ᠪᠣᠯᠭᠠᠨ᠂ ︽ᠤᠯᠠᠭ᠎ᠠ ᠦᠷᠳᠡᠭᠡ + ᠮᠣᠷᠢᠨ ᠨᠢᠷᠣᠭᠤ︾ ᠪᠣᠰᠤᠭ᠎ᠠ ᠴᠣᠭᠴᠠᠲᠤ ᠤᠬᠠᠭᠤᠯᠭ᠎ᠠ ᠶᠢᠨ ᠲᠣᠣᠷ ᠢ ᠪᠠᠶᠢᠭᠤᠯᠤᠨ᠎ᠠ᠃
     ᠤᠬᠠᠭᠤᠯᠤᠭᠴᠢ ᠮᠣᠩᠭᠤᠯ ᠬᠢᠲᠠᠳ ᠬᠤᠤᠰ ᠬᠡᠯᠡᠨ ᠤ ᠤᠬᠠᠭᠤᠯᠭ᠎ᠠ ᠶᠢᠨ ᠭᠠᠷ ᠳᠡᠪᠲᠡᠷ᠂ ᠬᠡᠷᠡᠭ ᠤᠨ ᠵᠢᠱᠢᠶ᠎ᠡ ᠶᠢᠨ ᠱᠤᠭ ᠵᠢᠷᠤᠭ ᠪᠠ ᠰᠢᠯᠵᠢᠮᠡᠯ ᠷᠠᠳᠢᠣ᠋ ᠨᠡᠪᠲᠡᠷᠡᠭᠦᠯᠭᠡ ᠶᠢᠨ ᠲᠥᠬᠦᠭᠡᠷᠦᠮᠵᠢ ᠪᠠᠨ ᠠᠪᠴᠤ ᠶᠠᠪᠤᠵᠤ᠂ ︽ᠬᠡᠰᠡᠭ ᠬᠤᠪᠢᠶᠠᠨ ᠳᠠᠭᠠᠭᠠᠴᠢᠯᠠᠵᠤ᠂ ᠡᠷᠦᠬᠡ ᠳᠠᠷᠠᠭᠠᠯᠠᠨ ᠰᠤᠷᠪᠤᠯᠵᠢᠯᠠᠬᠤ︾ ᠠᠷᠭ᠎ᠠ ᠮᠠᠶ᠋ᠢᠭ ᠢ ᠠᠪᠴᠤ᠂ ᠬᠢᠯᠢ ᠶᠢᠨ ᠱᠤᠭᠤᠮ ᠤᠨ ᠣᠶᠢᠷ᠎ᠠ ᠬᠠᠪᠢ ᠶᠢᠨ ᠵᠠᠭᠤ ᠭᠠᠷᠤᠶ ᠡᠷᠦᠬᠡ ᠮᠠᠯᠴᠢᠳ ᠤᠨ ᠬᠡᠷ ᠪᠦᠯᠢ ᠵᠢᠴᠢ ᠭᠠᠴᠠᠭ᠎ᠠ᠂ ᠡᠷᠡᠭᠦᠯ ᠬᠠᠮᠠᠭᠠᠯᠠᠯ ᠤᠨ ᠬᠤᠷᠢᠶ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠡᠷᠭᠡ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠲᠤ ᠬᠦᠷᠴᠦ᠂ ᠤᠬᠠᠭᠤᠯᠭ᠎ᠠ ᠬᠥᠮᠦᠵᠢᠯ ᠢ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠬᠢᠯᠢ ᠶᠢᠨ ᠬᠠᠮᠢᠶᠠᠷᠤᠯᠲᠠ ᠡᠵᠡᠮᠳᠡᠯ ᠤᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠨᠠᠭᠤᠯ ᠢ ᠡᠰᠡᠷᠭᠦᠴᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠬᠠᠭᠤᠷᠠᠶ ᠶᠢᠨ ᠤᠯᠤᠰ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠲᠠᠶᠢᠯᠪᠤᠷᠢᠯᠠᠬᠤ ᠶᠢᠨ ᠬᠠᠮᠲᠤ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠳᠠᠬᠢ ᠠᠮᠢᠳᠤ ᠪᠣᠳᠠᠰ ᠤᠨ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ ᠵᠡᠷᠭᠡ ᠰᠢᠨ᠎ᠡ ᠪᠠᠷ ᠬᠥᠭᠵᠢᠭᠰᠡᠨ ᠬᠦᠷᠢᠶᠡᠨ ᠤ ᠮᠡᠳᠡᠯᠭᠡ ᠶᠢ ᠮᠠᠯᠴᠢᠳ ᠤᠨ ᠰᠣᠨᠣᠰᠴᠤ ᠣᠶᠢᠯᠠᠭᠠᠭᠰᠠᠨ ᠪᠠ ᠴᠡᠭᠡᠵᠢᠯᠡᠵᠦ ᠰᠠᠭᠤᠭᠰᠠᠨ ︽ᠨᠤᠲᠤᠭ ᠪᠡᠯᠴᠢᠭᠡᠷ ᠤᠨ ᠦᠯᠢᠭᠡᠷ︾ ᠪᠣᠯᠭᠠᠨ ᠬᠤᠪᠢᠷᠠᠭᠤᠯᠪᠠ᠃ ᠤᠯᠤᠰ ᠤᠨ ᠠᠮᠤᠷ ᠲᠦᠪᠰᠢᠨ ᠤ ᠠᠭᠤᠯᠤᠭᠳᠠᠬᠤᠨ᠂ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠦᠢᠯᠡ ᠠᠵᠢᠯᠯᠠᠭ᠎ᠠ ᠶᠢᠨ ᠢᠯᠡᠷᠡᠯ ᠵᠢᠴᠢ ᠠᠷᠠᠳ ᠢᠷᠭᠡᠳ ᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤᠮᠳᠠᠬᠢ ᠡᠷᠬᠡ ᠪᠠ ᠡᠭᠦᠷᠭᠡ ᠶᠢ ᠭᠤᠣᠯᠳᠠᠯᠭ᠎ᠠ ᠲᠠᠢ ᠲᠠᠶᠢᠯᠪᠤᠷᠢᠯᠠᠪᠠ᠃      ᠳᠥᠭᠦᠮ ᠣᠶᠢᠯᠠᠭᠠᠮᠵᠢᠲᠠᠶ ᠦᠭᠡ ᠬᠡᠯᠡ ᠪᠠ ᠦᠨᠡᠨ ᠪᠣᠳᠠᠲᠠᠶ ᠠᠮᠢᠳᠤᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠮᠠᠯᠴᠢᠨ ᠲᠦᠮᠡᠨ ᠳᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠶ ᠲᠠᠨᠢᠭᠤᠯᠵᠤ᠂ ᠣᠯᠠᠨ ᠲᠦᠮᠡᠨ ᠢ ᠪᠦᠲᠦᠮᠵᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ︽ᠤᠯᠤᠰ ᠤᠨ ᠠᠮᠤᠷ ᠲᠦᠪᠰᠢᠨ᠂ ᠬᠥᠮᠦᠨ ᠪᠦᠬᠦᠨ ᠬᠠᠷᠢᠭᠤᠴᠠᠯᠭ᠎ᠠ ᠲᠠᠢ︾ ᠭᠡᠬᠦ ᠦᠵᠡᠯᠲᠡ ᠶᠢ ᠪᠣᠶ ᠪᠣᠯᠭᠠᠵᠤ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠮᠣᠷᠢᠨ ᠤ ᠲᠤᠭᠤᠷᠠᠶ ᠶᠢᠨ ᠲᠠᠭᠤᠨ ᠢ ᠳᠠᠭᠠᠵᠤ ᠲᠠᠯ᠎ᠠ ᠨᠤᠲᠤᠭ ᠤᠨ ᠭᠦᠨ ᠳᠤ ᠳᠠᠮᠵᠢᠭᠤᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号