| | 4 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠮᠠ ᠬᠠᠶ ᠲᠤᠤ ᠬᠤᠲᠠ ᠶᠢᠨ ᠲᠠᠪᠤᠳᠤᠭᠠᠷ ᠪᠠᠭ᠎ᠠ ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ ᠳᠤ | ᠬᠦᠷᠴᠦ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ | ᠰᠤᠷᠭᠠᠯᠲᠠ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠵᠡᠷᠭᠡ ᠠᠵᠢᠯ ᠤᠨ ᠪᠠᠶᠢᠳᠠᠯ ᠢ | ᠪᠠᠶᠢᠴᠠᠭᠠᠨ ᠰᠤᠳᠤᠯᠪᠠ᠃ | ᠮᠠ ᠬᠠᠶ ᠲᠤᠤ ᠰᠤᠷᠭᠠᠭᠤᠯᠢ ᠶᠢᠨ ᠬᠤᠭᠤᠯᠠᠨ ᠬᠡᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ | ᠲᠣᠨᠤᠭ ᠲᠥᠬᠦᠭᠡᠷᠦᠮᠵᠢ᠂ ᠠᠵᠢᠯ ᠤᠨ ᠡᠬᠡ ᠲᠠᠩᠰᠠ ᠪᠠ ᠠᠵᠢᠯᠯᠠᠭᠠᠨ ᠤ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ | ᠬᠤᠭᠤᠯᠠᠨ ᠤ ᠲᠡᠮᠳᠡᠭ᠂ ᠪᠠᠶᠢᠷᠢ ᠳᠤ ᠰᠠᠭᠤᠬᠤ ᠰᠣᠷᠣᠭᠴᠢ ᠶᠢᠨ ᠬᠠᠷᠢᠴᠠᠯ ᠵᠡᠷᠭᠡ ᠨᠠᠷᠢᠨ ᠵᠦᠢᠯᠡᠰ ᠢ ᠯᠠᠪᠯᠠᠨ | ᠠᠰᠠᠭᠤᠪᠠ᠃ ᠲᠡᠷᠡ ᠬᠡᠯᠡᠬᠦ ᠳᠡᠭᠡᠨ᠂ ᠢᠳᠡᠭᠡᠨ ᠤ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠡᠳᠦᠷ ᠲᠤᠲᠤᠮ ᠤᠨ | ᠬᠠᠮᠢᠶᠠᠷᠤᠯᠲᠠ ᠶᠢ ᠴᠢᠩᠭᠠᠳᠬᠠᠨ᠂ ᠬᠡᠷ ᠤᠨ ᠠᠬᠠᠮᠠᠳ ᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠶ ᠭᠡᠵᠡᠶ᠃ ᠬᠢᠨᠠᠨ | ᠬᠠᠮᠢᠶᠠᠷᠬᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠰᠤᠷᠭᠠᠭᠤᠯᠢ ᠶᠢᠨ | ᠬᠦᠷᠢᠶᠡᠨ ᠤ ᠢᠳᠡᠭᠡᠨ ᠤ ᠠᠮᠤᠷ ᠲᠦᠪᠰᠢᠨ ᠢ ᠬᠠᠮᠲᠤᠪᠠᠷ ᠬᠠᠮᠠᠭᠠᠯᠠᠬᠤ ᠬᠡᠷᠡᠭᠲᠡᠶ᠃ | | | | | | ᠮᠠ ᠬᠠᠢ ᠲᠤᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠡᠰᠡᠭ | ᠰᠤᠷᠭᠠᠭᠤᠯᠢ ᠶᠢᠨ ᠵᠠᠬᠢᠷᠤᠯ ᠪᠣᠯᠤᠨ ᠪᠠᠭᠰᠢ ᠨᠠᠷ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ᠂ ᠶᠡᠷᠦᠩᠬᠡᠶ | ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ | ᠦᠢᠯᠡᠳᠦᠯᠭᠡᠵᠢᠭᠦᠯᠵᠦ᠂ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢᠨ ᠬᠥᠲᠥᠯᠪᠦᠷᠢ ︵2024 - 2035 ᠣᠨ︶︾ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠶᠠᠮᠠᠷ ᠬᠥᠮᠦᠨ ᠢ ᠬᠥᠮᠦᠵᠢᠭᠦᠯᠬᠦ᠂ ᠬᠥᠮᠦᠨ ᠢ ᠬᠡᠷᠬᠢᠨ ᠬᠥᠮᠦᠵᠢᠭᠦᠯᠬᠦ᠂ ᠬᠡᠨ ᠳᠤ ᠬᠥᠮᠦᠨ ᠢ | ᠬᠥᠮᠦᠵᠢᠭᠦᠯᠬᠦ ᠡᠨᠡ ᠬᠦ ᠦᠨᠳᠦᠰᠦᠨ ᠠᠰᠠᠭᠤᠳᠠᠯ ᠢ ᠪᠠᠲᠤ ᠴᠡᠭᠡᠵᠢᠯᠡᠵᠦ᠂ ᠥᠷᠭᠡᠨ ᠣᠯᠠᠨ ᠰᠤᠷᠤᠭᠴᠢᠳ ᠢ | ᠬᠥᠲᠥᠯᠥᠨ ᠵᠢᠯᠣᠭᠤᠳᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠲᠤ | ᠪᠠᠬᠢ ᠪᠤᠢ ᠪᠣᠯᠭᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ | ᠰᠤᠷᠤᠭᠴᠢᠳ ᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠵᠡᠮᠰᠢᠬᠦ ᠪᠠᠷ ᠳᠠᠮᠵᠢᠭᠤᠯᠤᠨ | ᠬᠠᠮᠤᠭ ᠤᠨ ᠰᠢᠨ᠎ᠡ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠶᠢ ᠣᠯᠭᠤᠬᠤ ᠬᠡᠷᠡᠭᠲᠡᠶ ᠭᠡᠵᠦ ᠬᠡᠯᠡᠪᠡ᠃ ᠶᠣᠰᠣ | ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠠᠵᠢᠯᠳᠠᠨ ᠤ | ᠪᠦᠬᠦ ᠶᠠᠪᠤᠴᠠ ᠳᠤ ᠪᠦᠬᠦ ᠲᠠᠯ᠎ᠠ ᠪᠠᠷ ᠬᠥᠮᠦᠨ ᠢ ᠬᠥᠮᠦᠵᠢᠭᠦᠯᠬᠦ ᠶᠢ ᠪᠦᠲᠦᠮᠵᠢᠲᠡᠢ ᠨᠠᠶᠢᠳᠠᠪᠤᠷᠢᠵᠢᠭᠤᠯᠵᠤ᠂ | ᠪᠠᠭᠰᠢ ᠶᠢᠨ ᠡᠩᠨᠡᠭᠡ ᠶᠢ ᠴᠢᠩᠭᠠᠳᠬᠠᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ | ᠰᠤᠷᠤᠭᠴᠢᠳ ᠤᠨ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠶᠢᠨ | ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ | |