【 ᠠᠵᠢᠯᠯᠠᠬᠤ ᠶᠢ ᠲᠡᠷᠢᠭᠦᠨ ᠳᠤ ᠲᠠᠯᠪᠢᠵᠤ ︽ᠵᠢᠷᠭᠤᠭᠠᠨ ᠠᠵᠢᠯᠯᠠᠭ᠎ᠠ︾ ᠶᠢ ᠰᠠᠶᠢᠲᠤᠷ ᠠᠳᠬᠤᠨ᠎ᠠ 】 ᠡᠷᠢᠶᠡᠨ ᠬᠤᠲᠠ ᠮᠥᠩᠭᠦᠨ ᠭᠦᠢᠯᠭᠡᠭᠡᠨ ᠤ ᠴᠢᠯᠦᠭᠡᠳᠦ ᠳᠡᠯᠭᠡᠭᠦᠷ ᠭᠠᠷᠭᠠᠵᠤ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ︽ᠬᠥᠭᠦᠷᠭᠡ ᠬᠤᠯᠪᠤᠭᠠᠰᠤ︾ ᠬᠠᠩᠭᠠᠵᠠᠢ
ᠨᠡᠶᠢᠲᠡᠯᠡᠭᠰᠡᠨ ᠴᠠᠭ᠄
2025/4/7
    ︽ᠨᠢᠭᠡ ᠥᠷᠲᠡᠭᠡᠨ ᠤ ᠮᠠᠶ᠋ᠢᠭ︾ ᠢᠶᠠᠷ ᠶᠡᠷᠦᠩᠬᠡᠶᠢᠯᠡᠭᠰᠡᠨ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ︽ᠨᠢᠭᠡ ᠰᠦᠯᠵᠢᠶ᠎ᠡ︾ ᠪᠠᠷ ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠤᠨ ᠲᠤᠭ᠎ᠠ ᠪᠠᠷᠢᠮᠲᠠ ᠶᠢᠨ ᠪᠠᠬᠢᠯᠡᠯᠲᠡ ᠶᠢ ᠨᠡᠪᠲᠡᠷᠡᠭᠦᠯᠪᠡ ᠁ 4 ᠰᠠᠷ᠎ᠠ ᠶᠢᠨ 3 ᠤ ᠡᠳᠦᠷ᠂ ᠮᠠᠨ ᠤ ᠬᠤᠲᠠ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ︽ᠵᠠᠰᠠᠭ ᠤᠨ ᠣᠷᠳᠣᠨ ᠮᠥᠩᠭᠦᠨ ᠭᠦᠢᠯᠭᠡᠭᠡᠨ ᠤ ᠬᠠᠮᠲᠤᠷᠠᠭᠰᠠᠨ ᠬᠦᠴᠦᠨ ᠤ ᠠᠵᠤ ᠠᠬᠤᠶᠢᠯᠠᠯ ᠢᠷᠡᠭᠡᠳᠦᠶ ᠲᠡᠶᠢᠰᠢ ᠤᠷᠤᠭᠰᠢᠯᠠᠬᠤ︾ ᠵᠢᠴᠢ ︽ᠮᠥᠩᠭᠦᠨ ᠭᠦᠢᠯᠭᠡᠭᠡᠨ ᠤ ᠴᠢᠯᠦᠭᠡᠳᠦ ᠳᠡᠯᠭᠡᠭᠦᠷ︾ ᠤᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠡᠷᠭᠢᠯᠡᠪᠡ᠃ ᠮᠥᠩᠭᠦᠨ ᠭᠦᠢᠯᠭᠡᠭᠡᠨ ᠤ ᠠᠯᠢ ᠣᠯᠠᠨ ᠲᠥᠷᠥ ᠶᠢᠨ ᠪᠣᠳᠣᠯᠭ᠎ᠠ᠂ ᠪᠦᠳᠦᠭᠡᠭᠳᠡᠬᠦᠨ ᠬᠤᠷᠠᠨ ᠴᠤᠭᠯᠠᠷᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠣᠯᠠᠨ ᠲᠦᠮᠡᠨ ᠳᠤ ᠨᠠᠩ ᠣᠯᠠᠨ ᠡᠰᠢᠵᠢᠭᠰᠡᠨ᠂ ᠲᠥᠬᠦᠮ ᠪᠣᠯᠭᠠᠭᠰᠠᠨ ᠵᠠᠰᠠᠭ ᠪᠠᠩᠬᠢ ᠶᠢᠨ ᠦᠢᠯᠡᠴᠢᠯᠡᠭᠡ ᠬᠠᠩᠭᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠠ ᠬᠠᠢ ᠲᠤᠤ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠶᠣᠰᠣᠯᠠᠯ ᠳᠡᠭᠡᠷ᠎ᠡ᠂ ᠮᠠ ᠬᠠᠢ ᠲᠤᠤ ᠪᠠᠶᠠᠷ ᠤᠨ ᠦᠭᠡ ᠬᠡᠯᠡᠪᠡ᠃ ᠲᠡᠷᠡ᠂ ᠮᠥᠩᠭᠦᠨ ᠭᠦᠢᠯᠭᠡᠭᠡᠨ ᠤ ᠴᠢᠯᠦᠭᠡᠳᠦ ᠳᠡᠯᠭᠡᠭᠦᠷ ᠤᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠨᠢ ᠵᠠᠰᠠᠭ ᠤᠨ ᠣᠷᠳᠣᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠠᠵᠤ ᠠᠬᠤᠶᠢᠯᠠᠯ ᠳᠤ ᠨᠢᠭᠤᠷᠲᠠᠨ ᠰᠣᠯᠢᠯᠴᠠᠬᠤ᠂ ᠰᠡᠳᠬᠢᠯ ᠨᠢᠭᠡᠳᠦᠨ ᠬᠠᠮᠲᠤᠷᠠᠯᠴᠠᠬᠤ ᠲᠠᠪᠴᠠᠩ ᠢ ᠪᠠᠶᠢᠭᠤᠯᠵᠤ ᠥᠭᠭᠦᠭᠰᠡᠨ ᠢᠶᠠᠷ ᠪᠠᠷᠠᠬᠤ ᠦᠭᠡᠢ᠂ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠨᠡᠩ ᠥᠷᠭᠡᠨ ᠠᠭᠤᠳᠠᠮ ᠣᠷᠣᠨ ᠵᠠᠢ ᠪᠠ ᠠᠯᠤᠰ ᠢᠷᠡᠭᠡᠳᠦᠢ ᠬᠠᠩᠭᠠᠵᠠᠢ᠃ ᠥᠷᠭᠡᠨ ᠤᠯᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠷ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠪᠠᠷ ᠦᠨᠳᠦᠰᠦᠨ ᠵᠣᠷᠢᠯᠲᠠ ᠪᠣᠯᠭᠠᠬᠤ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠦᠢᠯᠡᠳᠬᠦᠨ ᠤ ᠰᠢᠨ᠎ᠡ ᠶᠢ ᠡᠭᠦᠳᠦᠨ ᠪᠠᠶᠢᠷᠢᠯᠠᠭᠤᠯᠵᠤ᠂ ᠨᠡᠩ ᠤᠯᠠᠨ ᠮᠥᠩᠭᠦᠨ ᠭᠦᠢᠯᠭᠡᠭᠡᠨ ᠤ ︽ᠠᠮᠢᠳᠤᠯᠢᠭ ᠤᠰᠤ︾ ᠶᠢ ᠭᠤᠣᠯᠳᠠᠯᠭ᠎ᠠ ᠲᠠᠢ ᠬᠦᠷᠢᠶ᠎ᠡ᠂ ᠴᠢᠬᠤᠯᠠ ᠶᠡᠭᠡ ᠲᠦᠷᠦᠯ ᠵᠦᠢᠯ ᠲᠡᠰᠢ ᠬᠠᠨᠳᠤᠭᠤᠯᠵᠤ᠂ ᠤᠨᠢᠨ ᠳᠡᠭᠡᠷ᠎ᠡ ᠨᠢ ᠥᠰᠥᠯᠲᠡ ᠶᠢᠨ ᠬᠡᠯᠪᠡᠷᠢ ᠶᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ ᠤᠰᠤᠯᠠᠵᠤ᠂ ᠡᠯ᠎ᠡ ᠲᠦᠷᠦᠯ ᠤᠨ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠳᠤ ᠨᠡᠩ ᠰᠠᠶᠢᠨ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃      ᠥᠩᠭᠡᠷᠡᠭᠡᠭᠰᠡᠨ ᠤ ᠲᠠᠨᠢᠯᠴᠠᠭᠤᠯᠭ᠎ᠠ ᠶᠢᠨ ᠬᠤᠷᠠᠯ ᠲᠠᠢ ᠠᠳᠠᠯᠢ ᠥᠬᠡᠶ᠂ ᠲᠣᠰ ᠤᠳᠠᠭᠠᠨ ᠤ ᠠᠵᠢᠯᠯᠠᠭ᠎ᠠ ᠨᠢ ︽ᠬᠡᠷᠡᠭᠴᠡᠭᠡ ᠪᠠᠷ ᠤᠳᠤᠷᠢᠳᠤᠮᠵᠢ ᠪᠣᠯᠭᠠᠬᠤ︾ ᠪᠠᠷ ᠠᠵᠤ ᠠᠬᠤᠶᠢᠯᠠᠯ ᠤᠨ ᠬᠡᠷᠡᠭᠴᠡᠭᠡ ᠪᠠ ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠬᠤᠭᠤᠷᠣᠨᠳᠣᠬᠢ ᠡᠯ᠎ᠡ ᠭᠤᠭᠴᠤᠭ᠎ᠠ ᠶᠢᠨ ᠲᠦᠭᠵᠢᠷᠡᠯ ᠢ ᠨᠡᠪᠲᠡᠷᠡᠭᠦᠯᠵᠦ᠂ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠨᠠᠷᠢᠯᠢᠭ ᠣᠨᠣᠴᠠᠲᠠᠶ ᠪᠠᠷ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠳᠣᠰᠠᠯᠠᠪᠠ᠃ ᠮᠥᠩᠭᠦᠨ ᠭᠦᠢᠯᠭᠡᠭᠡᠨ ᠤ ᠡᠨᠧᠷᠭᠢ ᠣᠯᠭᠤᠬᠤ ᠪᠣᠳᠠᠲᠤ ᠴᠣᠭᠴᠠ ᠶᠢᠨ ᠴᠢᠨᠠᠷ ᠰᠠᠶᠢᠲᠠᠢ ᠬᠥᠭᠵᠢᠯᠲᠡ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ ᠮᠠᠨ ᠤ ᠬᠤᠲᠠ ᠠᠵᠤ ᠠᠬᠤᠶᠢᠯᠠᠯ ᠢ ᠲᠤᠰᠠᠯᠠᠬᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠯᠢ ᠣᠯᠠᠨ ᠠᠷᠭ᠎ᠠ ᠬᠡᠮᠵᠢᠶ᠎ᠡ ᠠᠪᠴᠤ᠂ ᠪᠠᠩᠬᠢ᠂ ᠳᠠᠭᠠᠳᠬᠠᠯ᠂ ᠳᠠᠭᠠᠭᠠᠯᠲᠠ ᠵᠡᠷᠭᠡ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠠᠰᠠᠭ ᠤᠨ ᠣᠷᠳᠣᠨ ᠲᠠᠪᠴᠠᠩ ᠪᠠᠶᠢᠭᠤᠯᠬᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠳᠡᠭᠡᠭᠰᠢᠯᠡᠭᠦᠯᠬᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠡᠷᠡᠳᠬᠦᠨ ᠤ ᠬᠡᠯᠪᠡᠷᠢ ᠪᠠᠷ ᠳᠠᠮᠵᠢᠭᠤᠯᠤᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠨᠢᠭᠡ ᠥᠷᠲᠡᠭᠡ ᠮᠠᠶ᠋ᠢᠭ ᠤᠨ᠂ ︽ᠵᠠᠬ᠎ᠠ ᠳᠡᠯᠭᠡᠭᠦᠷᠴᠢᠯᠡᠬᠦ︾ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠬᠥᠳᠡᠯᠬᠦ ᠤᠳᠠᠭ᠎ᠠ ᠪᠠ ᠪᠠᠯᠠ ᠲᠣᠬᠢᠷᠠᠭᠤᠯᠭ᠎ᠠ ᠶᠢᠨ ᠬᠦᠴᠢᠷᠳᠡᠯ ᠢ ᠦᠨᠡᠨ ᠬᠦ ᠪᠠᠭᠠᠰᠬᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号