| | ᠡᠨᠡ ᠵᠢᠯ ᠠᠴᠠ ᠨᠠᠰᠢ᠂ ᠮᠠᠨ ᠤ ᠬᠤᠲᠠ ᠲᠥᠯᠥᠪᠵᠢᠭᠦᠯᠭᠡ ᠶᠢ ᠤᠷᠢᠳᠠᠪᠠᠷ ᠬᠡᠷᠡᠭᠵᠢᠭᠦᠯᠬᠦ ᠶᠢ ᠪᠠᠷᠢᠮᠲᠠᠯᠠᠵᠤ᠂ ᠳᠤᠮᠳᠠᠳᠤ | ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠪᠥᠲᠥᠭᠡᠨ ᠪᠠᠶᠢᠭᠤᠯᠤᠯᠲᠠ ᠶᠢ ᠠᠯᠬᠤᠮ ᠬᠤᠪᠢᠶᠠᠨ | ᠠᠬᠢᠭᠤᠯᠵᠤ᠂ ᠭᠤᠤᠯ ᠣᠷᠣᠨ ᠢᠶᠠᠷ ᠨᠡᠭᠡᠭᠡᠨ ᠬᠥᠭᠵᠢᠭᠦᠯᠬᠦ ᠭᠤᠤᠯᠳᠠᠯᠭ᠎ᠠ ᠪᠣᠯᠭᠠᠨ᠂ ᠪᠥᠲᠥᠭᠡᠨ ᠪᠠᠶᠢᠭᠤᠯᠤᠯᠲᠠ ᠶᠢᠨ | ᠠᠯᠬᠤᠴᠠ ᠶᠢ ᠠᠯᠬᠤᠮ ᠠᠯᠬᠤᠮ ᠢᠶᠠᠷ ᠥᠷᠭᠡᠳᠬᠡᠵᠦ᠂ ᠠᠰᠠᠷ ᠤᠨ ᠳᠣᠲᠣᠭᠠᠳᠤ ᠶᠢᠨ ᠵᠠᠰᠠᠯ ᠴᠢᠮᠡᠭᠯᠡᠯ ᠵᠢᠴᠢ ᠤᠭᠰᠠᠷᠠᠬᠤ | ᠢᠨᠵᠧᠨᠧᠷᠢᠩ ᠪᠠ ᠨᠣᠭᠤᠭᠠᠷᠠᠭᠤᠯᠤᠯᠲᠠ ᠶᠢᠨ ᠢᠨᠵᠧᠨᠧᠷᠢᠩ ᠵᠡᠷᠭᠡ ᠶᠢ ᠪᠠᠶᠢᠴᠠᠭᠠᠨ ᠰᠢᠯᠭᠠᠬᠤ ᠠᠵᠢᠯ ᠢ ᠪᠠᠴᠢᠮ ᠶᠠᠭᠠᠷᠠᠯᠲᠠᠢ | ᠠᠬᠢᠭᠤᠯᠪᠠ᠃ | ᠨᠣᠭᠤᠭᠠᠷᠠᠭᠤᠯᠤᠯᠲᠠ ᠶᠢᠨ ᠪᠠᠷᠢᠯᠭ᠎ᠠ ᠶᠢᠨ ᠠᠵᠢᠯ ᠤᠨ ᠲᠤᠬᠠᠶ ᠶᠢᠨ ᠲᠠᠯᠠᠪᠠᠢ ᠳᠤ᠂ ᠤᠬᠤᠭᠤᠷ ᠮᠠᠰᠢᠨ᠂ | ᠲᠡᠭᠡᠭᠡᠪᠦᠷᠢ ᠶᠢᠨ ᠲᠡᠷᠭᠡ ᠵᠡᠷᠭᠡ ᠮᠠᠰᠢᠨ ᠮᠧᠬᠠᠨᠢᠭ ᠰᠦᠯᠵᠢᠯᠳᠦᠵᠦ᠂ ᠮᠣᠳᠣᠨ ᠨᠦᠬᠡ ᠶᠢ ᠪᠠᠴᠢᠮ ᠶᠠᠭᠠᠷᠠᠯᠲᠠᠶ ᠡᠮᠬᠢ | ᠵᠢᠷᠤᠮ ᠲᠠᠢ ᠪᠠᠷ ᠮᠠᠯᠲᠠᠵᠤ ᠪᠠᠶᠢᠪᠠ᠃ ᠠᠵᠢᠯᠴᠢᠳ ᠡᠷᠴᠢ ᠵᠣᠷᠢᠭ ᠲᠡᠭᠦᠯᠳᠡᠷ ᠪᠠᠶᠢᠵᠤ᠂ ᠰᠢᠷᠣᠶ ᠪᠥᠭᠯᠡᠬᠦ ᠪᠠᠷ ᠶᠠᠭᠠᠷᠠᠵᠤ᠂ | ᠨᠢᠭᠡᠨ ᠰᠠᠭᠤᠷᠢ ᠠᠯᠲᠠᠨ ᠨᠠᠪᠴᠢᠲᠤ ᠬᠠᠶᠢᠯᠠᠰᠤ᠂ ᠤᠯᠢᠶᠠᠰᠤᠨ ᠮᠣᠳᠣ ᠵᠡᠷᠭᠡ ᠮᠣᠳᠣ ᠶᠢ ᠮᠣᠳᠣᠨ ᠨᠦᠬᠡᠨ ᠳᠤ ᠨᠠᠷᠢᠨ | ᠨᠢᠮᠪᠠᠶ ᠵᠠᠶᠢᠯᠠᠪᠠ᠃ ᠰᠤᠷᠪᠤᠯᠵᠢᠯᠠᠭᠴᠢ ᠲᠤᠬᠠᠢ ᠶᠢᠨ ᠲᠠᠯᠠᠪᠠᠢ ᠳᠤ ᠣᠶᠢᠯᠠᠭᠠᠭᠰᠠᠨ ᠢᠶᠠᠷ᠂ ᠣᠳᠣᠬᠠᠨ ᠳᠤ ᠬᠤᠷᠰᠢᠭᠰᠠᠨ | ᠲᠣᠭᠤᠷᠢᠭ ᠨᠢ ᠲᠣᠮᠣ ᠠᠰᠠᠷ ᠤᠨ ᠡᠮᠦᠨ᠎ᠡ ᠬᠤᠶᠢᠨᠠᠬᠢ ᠠᠭᠤᠳᠠᠮ ᠲᠠᠯᠠᠪᠠᠢ ᠵᠢᠴᠢ ᠳᠤᠮᠳᠠ ᠲᠡᠩᠭᠡᠯᠢᠭ ᠱᠤᠭᠤᠮ ᠤᠨ | ᠨᠣᠭᠤᠭᠠᠷᠠᠭᠤᠯᠤᠯᠲᠠ ᠶᠢᠨ ᠢᠨᠵᠧᠨᠧᠷᠢᠩ ᠢ ᠰᠢᠯᠭᠠᠨ ᠪᠠᠶᠢᠴᠠᠭᠠᠬᠤ ᠠᠵᠢᠯ ᠢ ᠵᠡᠷᠭᠡᠪᠡᠷ ᠠᠬᠢᠭᠤᠯᠵᠤ᠂ ᠡᠯ᠎ᠡ ᠮᠣᠳᠣᠨ ᠤ | ᠲᠥᠷᠥᠯ ᠤᠨ ᠬᠠᠮᠤᠭ ᠰᠠᠶᠢᠨ ᠤᠷᠭᠤᠯᠲᠠ ᠶᠢᠨ ᠴᠠᠭ ᠢ ᠦᠨᠳᠦᠰᠦᠯᠡᠨ ᠪᠦᠯᠦᠭ ᠤᠳᠠᠭ᠎ᠠ ᠬᠤᠪᠢᠶᠠᠨ ᠣᠷᠣᠭᠤᠯᠵᠤ | ᠠᠪᠬᠤ ᠶᠢᠨ ᠬᠠᠮᠲᠤ ᠴᠠᠭ ᠲᠤᠬᠠᠢ ᠳᠤᠨᠢ ᠲᠠᠷᠢᠵᠤ᠂ ᠮᠣᠳᠣᠨ ᠤ ᠡᠳᠡᠭᠡᠷ ᠡᠯᠲᠡ ᠶᠢᠨ ᠨᠣᠷᠮ᠎ᠠ ᠪᠠ | ᠨᠣᠭᠤᠭᠠᠷᠠᠭᠤᠯᠤᠯᠲᠠ ᠶᠢᠨ ᠦᠷ᠎ᠡ ᠪᠦᠲᠦᠮᠵᠢ ᠶᠢ ᠪᠠᠲᠤᠯᠠᠵᠤ᠂ ᠨᠣᠭᠤᠭᠠᠷᠠᠭᠤᠯᠤᠯᠲᠠ ᠶᠢ ᠬᠤᠷᠰᠢᠨ ᠠᠵᠢᠯᠯᠠᠬᠤ ᠣᠷᠣᠨ ᠳᠤ | ᠠᠮᠢᠵᠢᠷᠠᠯ ᠤᠨ ᠬᠦᠴᠦᠨ ᠲᠠᠢ ᠪᠣᠯᠭᠠᠨ᠎ᠠ᠃ | ᠠᠰᠠᠷ ᠤᠨ ᠳᠣᠲᠣᠭᠠᠳᠤ ᠶᠢᠨ ᠵᠠᠰᠠᠯ ᠴᠢᠮᠡᠭᠯᠡᠯ ᠵᠢᠴᠢ ᠤᠭᠰᠠᠷᠠᠬᠤ ᠢᠨᠵᠧᠨᠧᠷᠢᠩ ᠤᠨ ᠪᠠᠷᠢᠯᠭ᠎ᠠ ᠶᠢᠨ ᠲᠤᠬᠠᠶ ᠶᠢᠨ | ᠲᠠᠯᠠᠪᠠᠢ ᠳᠤ᠂ ᠠᠵᠢᠯᠴᠢᠳ ᠪᠠᠷᠢᠯᠭ᠎ᠠ ᠶᠢᠨ ᠲᠥᠯᠥᠪᠵᠢᠭᠦᠯᠭᠡ ᠶᠢᠨ ᠶᠣᠰᠣᠭᠠᠷ ᠶᠠᠭ ᠭᠠᠯ ᠤᠨᠲᠠᠷᠠᠭᠠᠬᠤ ᠰᠠᠯᠬᠢ | ᠨᠡᠪᠲᠡᠷᠡᠭᠦᠯᠬᠦ ᠠᠭᠠᠷ ᠲᠣᠬᠢᠷᠠᠭᠤᠯᠤᠭᠴᠢ ᠶᠢᠨ ᠰᠢᠰᠲ᠋ᠧᠮ ᠢ ᠦᠢᠯᠡᠳᠴᠦ ᠤᠭᠰᠠᠷᠠᠬᠤ᠂ ᠴᠠᠬᠢᠯᠭᠠᠨ ᠤᠲᠠᠰᠤ ᠴᠠᠬᠢᠯᠭᠠᠨ | ᠳᠡᠭᠡᠰᠦ ᠶᠢ ᠤᠭᠰᠠᠷᠠᠬᠤ᠂ ᠬᠡᠷᠡᠮ ᠤᠨ ᠭᠠᠳᠠᠷᠭᠤ ᠶᠢ ᠲᠡᠭᠰᠢ ᠡᠯᠭᠦᠭᠰᠡᠨ ᠵᠡᠷᠭᠡ ᠠᠵᠢᠯ ᠢ ᠬᠢᠵᠦ ᠪᠠᠶᠢᠨ᠎ᠠ᠃ ᠵᠠᠯᠭᠠᠭᠠᠳ᠂ | ᠳᠡᠭᠡᠪᠦᠷ᠂ ᠠᠰᠠᠷ ᠤᠨ ᠱᠠᠲᠤ᠂ ᠡᠭᠦᠳᠡ ᠴᠣᠩᠬᠤ᠂ ᠳ᠋ᠧᠩ ᠤᠨ ᠬᠡᠷᠡᠭᠰᠡᠯ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠬᠢᠨᠠᠨ | ᠡᠵᠡᠮᠳᠡᠬᠦ᠂ ᠠᠰᠠᠷ ᠤᠨ ᠭᠡᠷᠡᠯᠲᠦᠭᠦᠯᠭᠡ ᠵᠡᠷᠭᠡ ᠶᠢ ᠵᠠᠯᠭᠠᠭ᠎ᠠ ᠪᠠᠷ ᠤᠭᠰᠠᠷᠠᠵᠤ᠂ ᠵᠢᠱᠢᠯᠲᠡ ᠪᠠᠷ 7 ᠰᠠᠷ᠎ᠠ ᠶᠢᠨ ᠰᠡᠭᠦᠯᠴᠢ ᠪᠠᠷ | ᠪᠠᠷᠢᠵᠤ ᠳᠠᠭᠤᠰᠬᠠᠨ᠎ᠠ᠃ | ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠠᠰᠠᠷ ᠤᠨ ᠳᠣᠲᠣᠭᠠᠳᠤ ᠶᠢᠨ ᠵᠠᠰᠠᠯ | ᠴᠢᠮᠡᠭᠯᠡᠯ ᠵᠢᠴᠢ ᠤᠭᠰᠠᠷᠠᠬᠤ ᠢᠨᠵᠧᠨᠧᠷᠢᠩ ᠤᠨ ᠲᠤᠬᠠᠶ ᠶᠢᠨ ᠭᠠᠵᠠᠷ ᠤᠨ ᠬᠠᠷᠢᠭᠤᠴᠠᠯᠭᠠᠲᠠᠨ ᠵᠠᠩ ᠲᠤᠤ ᠠᠴᠠ᠄ ︽2 | ᠰᠠᠷ᠎ᠠ ᠠᠴᠠ ᠡᠬᠢᠯᠡᠨ ᠪᠠᠷᠢᠯᠭ᠎ᠠ ᠪᠠᠷᠢᠵᠤ᠂ ᠮᠠᠲ᠋ᠧᠷᠢᠶᠠᠯ᠂ ᠠᠵᠢᠯᠲᠠᠨ᠂ ᠮᠠᠰᠢᠨ ᠢ ᠪᠦᠬᠦᠨ ᠢ ᠲᠠᠯᠠᠪᠠᠶ ᠳᠤ ᠣᠷᠣᠭᠤᠯᠪᠠ᠂ | ᠣᠳᠣᠬᠠᠨ ᠳᠤ 100 ᠭᠠᠷᠤᠶ ᠪᠠᠷᠢᠯᠭ᠎ᠠ ᠶᠢᠨ ᠠᠵᠢᠯᠲᠠᠨ ᠪᠠᠶᠢᠵᠤ᠂ ᠠᠰᠠᠷ ᠤᠨ ᠶᠡᠷᠦᠩᠬᠡᠶ ᠪᠠᠷᠢᠯᠭ᠎ᠠ ᠶᠢᠨ ᠬᠡᠮᠵᠢᠶ᠎ᠡ ᠶᠢᠨ | 30% ᠶᠢ ᠪᠠᠶᠢᠴᠠᠭᠠᠨ ᠰᠢᠯᠭᠠᠵᠤ ᠪᠠᠶᠢᠨ᠎ᠠ︾ ᠭᠡᠵᠦ ᠬᠡᠯᠡᠪᠡ᠃ | ᠣᠳᠣᠬᠠᠨ ᠪᠣᠯᠲᠠᠯ᠎ᠠ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠳᠤᠮᠳᠠᠳᠤ | ᠤᠯᠤᠰ ᠤᠨ ᠲᠠᠯ᠎ᠠ ᠶᠢᠨ ᠣᠷᠣᠨ ᠪᠦᠰᠡ ᠳᠤ ᠨᠡᠶᠢᠲᠡ 12 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠭᠤᠤᠯ | ᠲᠣᠭᠤᠷᠢᠭ ᠤᠨ 3 ᠲᠡᠭᠰᠢ ᠳᠥᠷᠪᠡᠯᠵᠢᠨ ᠺᠢᠯᠣᠮᠧᠲᠷ ᠤᠨ ︽ᠳᠣᠯᠤᠭ᠎ᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾᠂ ᠭᠠᠵᠠᠷ | ᠳᠣᠤᠷᠠᠬᠢ ᠬᠤᠭᠤᠯᠠᠶ ᠶᠢᠨ ᠬᠤᠩᠭᠢᠯ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠵᠢᠴᠢ ᠪᠠᠶᠢᠴᠠᠭᠠᠨ | ᠰᠢᠯᠭᠠᠬᠤ ᠲᠣᠮᠣ ᠠᠰᠠᠷ ᠤᠨ ᠭᠤᠤᠯ ᠪᠠᠷᠢᠯᠭ᠎ᠠ ᠶᠢ ᠪᠡᠶᠡᠯᠡᠭᠦᠯᠪᠡ᠃ ᠡᠨᠡ ᠵᠢᠯ ᠪᠠᠶᠢᠴᠠᠭᠠᠨ ᠰᠢᠯᠭᠠᠬᠤ ᠠᠰᠠᠷ ᠤᠨ | ᠳᠣᠲᠣᠭᠠᠳᠤ ᠶᠢᠨ ᠵᠠᠰᠠᠯ ᠴᠢᠮᠡᠭᠯᠡᠯ ᠵᠢᠴᠢ ᠤᠭᠰᠠᠷᠠᠬᠤ᠂ ᠤᠶᠤᠨᠲᠤ ᠪᠣᠭᠤᠮᠲᠠ᠂ ᠨᠣᠭᠤᠭᠠᠷᠠᠭᠤᠯᠤᠯᠲᠠ᠂ ᠭᠤᠤᠯ ᠵᠠᠮ ᠤᠨ | ᠪᠥᠲᠥᠭᠡᠨ ᠪᠠᠶᠢᠭᠤᠯᠤᠯᠲᠠ ᠵᠡᠷᠭᠡ 9 ᠢᠵᠢ ᠪᠥᠷᠢᠳᠦᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠵᠢᠯ ᠤᠨ ᠳᠣᠲᠣᠷ᠎ᠠ 3.4 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠵᠤ᠂ ᠳᠤᠮᠳᠠᠳᠤ ᠮᠣᠩᠭᠤᠯ ᠤᠨ ᠠᠵᠤ | ᠠᠬᠤᠶ ᠶᠢᠨ ᠬᠠᠮᠲᠤᠷᠠᠯᠴᠠᠭᠠᠨ ᠤ ᠣᠷᠣᠨ ᠤ ᠪᠣᠭᠤᠮᠲᠠ ᠬᠠᠭᠠᠬᠤ ᠠᠵᠢᠯᠯᠠᠭᠠᠨ ᠳᠤ ᠰᠠᠭᠤᠷᠢ ᠲᠠᠯᠪᠢᠨ᠎ᠠ᠃ |