| | | ᠰᠤᠷᠪᠤᠯᠵᠢᠯᠠᠭᠴᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︵ᠪᠣᠭᠤᠮᠲᠠ ᠶᠢᠨ ᠠᠯᠪᠠᠨ ᠭᠡᠷ︶ | ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠨᠢᠭᠡᠳᠦᠭᠡᠷ ᠤᠯᠠᠷᠢᠯ ᠳᠤ ᠡᠷᠢᠶᠡᠨ ᠪᠣᠭᠤᠮᠲᠠ ᠶᠢᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 516.4 ᠲᠦᠮᠡᠨ ᠲᠤᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 4.8 ᠪᠠᠷ ᠨᠡᠮᠡᠭᠳᠡᠨ᠂ ᠪᠣᠭᠤᠮᠲᠠ ᠶᠢᠨ ᠠᠵᠤ ᠠᠬᠤᠢ ᠶᠢᠨ | ᠬᠥᠭᠵᠢᠯᠲᠡ ᠡᠮᠦᠨ᠎ᠡ ᠬᠤᠶᠠᠷ ᠰᠠᠷ᠎ᠠ ᠳᠤ ᠦᠷᠭᠦᠯᠵᠢᠯᠡᠨ ᠨᠡᠮᠡᠭᠳᠡᠪᠡ᠃ | ᠡᠨᠡ ᠵᠢᠯ ᠠᠴᠠ ᠨᠠᠰᠢ᠂ ᠡᠷᠢᠶᠡᠨ ᠵᠠᠰᠠᠮᠠᠯ ᠵᠠᠮ ᠤᠨ ᠪᠣᠭᠤᠮᠲᠠ ᠶᠠᠭᠠᠷᠠᠯᠲᠠᠢ ᠪᠥᠭᠡᠳ ᠡᠮᠬᠢ ᠵᠢᠷᠤᠮ ᠲᠠᠢ | ᠶᠠᠪᠤᠭᠳᠠᠵᠤ᠂ ᠰᠢᠨ᠎ᠡ ᠰᠣᠷᠭᠤᠭ ᠵᠢᠮᠢᠰ ᠨᠣᠭᠤᠭ᠎ᠠ ᠶᠢ ᠳᠦᠭᠦᠷᠲᠡᠯ᠎ᠡ ᠲᠡᠭᠡᠭᠡᠭᠰᠡᠨ ᠬᠦᠢᠳᠡᠨ ᠢᠶᠠᠷ ᠬᠠᠳᠠᠭᠠᠯᠠᠬᠤ | ᠪᠠᠷᠠᠭᠠᠨ ᠤ ᠲᠡᠷᠭᠡ᠂ ᠪᠠᠷᠢᠯᠭ᠎ᠠ ᠶᠢᠨ ᠮᠠᠲ᠋ᠧᠷᠢᠶᠠᠯ᠂ ᠠᠭᠤᠷᠬᠠᠢ ᠶᠢᠨ ᠪᠦᠲᠦᠭᠡᠭᠳᠡᠬᠦᠨ᠂ ᠡᠳᠦᠷ ᠳᠤᠳᠤᠮ ᠤᠨ | ᠬᠡᠷᠡᠭᠯᠡᠭᠡᠨ ᠤ ᠪᠦᠷᠢᠨ ᠪᠠᠷᠠᠭ᠎ᠠ ᠲᠡᠭᠡᠭᠡᠪᠦᠷᠢᠯᠡᠬᠦ ᠲᠡᠷᠭᠡ ︽ᠬᠤᠣᠰ ᠴᠢᠭᠯᠡᠯ ᠢᠶᠠᠷ ᠴᠢᠷᠮᠠᠶᠢᠬᠤ︾ ᠶᠢ ᠪᠡᠶᠡᠯᠡᠭᠦᠯᠪᠡ᠃ | ᠲᠡᠮᠦᠷ ᠵᠠᠮ ᠤᠨ ᠬᠢᠯᠢ ᠶᠢᠨ ᠪᠣᠭᠤᠮᠲᠠ ᠶᠢᠨ ᠶᠡᠭᠡ ᠬᠡᠮᠵᠢᠶᠡᠨ ᠤ ᠠᠭᠤᠷᠬᠠᠢ ᠶᠢᠨ ᠪᠦᠲᠦᠭᠡᠭᠳᠡᠬᠦᠨ᠂ ᠤᠯᠤᠰ ᠲᠠᠭᠠᠨ | ᠦᠢᠯᠡᠳᠪᠦᠷᠢᠯᠡᠭᠰᠡᠨ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠡᠳ᠋ ᠪᠠᠷᠠᠭ᠎ᠠ ᠶᠢ ᠠᠴᠢᠭᠰᠠᠨ ᠭᠠᠯᠲᠤ | ᠲᠡᠷᠭᠡ ᠱᠤᠤᠭᠢᠨ ᠶᠠᠪᠤᠯᠴᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠶᠢ | ᠲᠠᠰᠤᠷᠠᠯᠲᠠ ᠦᠭᠡᠢ ᠬᠠᠩᠭᠠᠵᠤ ᠪᠠᠶᠢᠨ᠎ᠠ᠃ | ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠶᠢᠨ ᠥᠨᠳᠥᠷ ᠪᠦᠲᠦᠮᠵᠢᠲᠡᠶ ᠪᠥᠭᠡᠳ ᠰᠠᠭᠠᠳ ᠥᠬᠡᠶ | ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠡᠷᠢᠶᠡᠨ ᠪᠣᠭᠤᠮᠲᠠ ᠶᠢᠨ ᠬᠤᠳᠠᠯᠳᠤᠭᠠᠨ ᠤ ᠶᠠᠪᠤᠳᠠᠯ᠂ ᠬᠢᠯᠢ ᠶᠢᠨ | ᠪᠠᠶᠢᠴᠠᠭᠠᠯᠲᠠ᠂ ᠲᠡᠮᠦᠷ ᠵᠠᠮ᠂ ᠪᠣᠭᠤᠮᠲᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠤᠬᠠᠶᠢᠯᠠᠭᠰᠠᠨ | ᠠᠵᠢᠯ ᠳᠠᠭᠠᠨ ᠰᠠᠭᠤᠷᠢᠯᠠᠨ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠬᠠᠷᠢᠯᠴᠠᠨ ᠪᠠᠶᠢᠴᠠᠭᠠᠨ ᠰᠢᠯᠭᠠᠬᠤ | ᠲᠥᠰᠦᠯ ᠢᠶᠠᠨ ᠬᠠᠷᠢᠯᠴᠠᠨ ᠰᠢᠯᠢᠳᠡᠭᠵᠢᠭᠦᠯᠵᠦ᠂ ᠳᠥᠭᠦᠮ ᠳᠥᠲᠡ ᠲᠥᠷᠥ ᠶᠢᠨ ᠪᠣᠳᠣᠯᠭ᠎ᠠ ᠶᠢᠨ ᠳᠠᠪᠬᠤᠴᠠᠭᠰᠠᠨ | ᠦᠢᠯᠡᠳᠦᠯ ᠢ ᠪᠠᠳᠠᠷᠠᠭᠤᠯᠤᠨ᠂ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ | ᠪᠣᠭᠤᠮᠲᠠ ᠪᠠᠷ ᠥᠩᠭᠡᠷᠡᠬᠦ ᠬᠠᠮᠲᠤᠷᠠᠯᠴᠠᠭ᠎ᠠ᠂ ᠤᠶᠤᠨᠲᠤ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠵᠡᠷᠭᠡ | ᠬᠦᠷᠢᠶᠡᠨ ᠳᠤ ᠦᠷᠭᠦᠯᠵᠢᠯᠡᠨ ᠬᠦᠴᠦᠯᠡᠵᠦ᠂ ᠪᠣᠯᠵᠣᠵᠤ ᠪᠣᠭᠤᠮᠲᠠ ᠪᠠᠷ ᠥᠩᠭᠡᠷᠡᠭᠦᠯᠬᠦ᠂ ᠭᠠᠭᠴᠠ ᠴᠣᠩᠬᠤᠪᠴᠢ | ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠨᠠᠩ | ᠣᠯᠠᠨ ᠠᠵᠤ ᠠᠬᠤᠶᠢᠯᠠᠯ ᠳᠤ ᠠᠰᠢᠭ ᠬᠦᠷᠲᠡᠭᠡᠬᠦ ᠶᠢ ᠠᠬᠢᠭᠤᠯᠵᠤ᠂ ᠪᠣᠭᠤᠮᠲᠠ ᠪᠠᠷ ᠥᠩᠭᠡᠷᠡᠬᠦ ᠳᠤ ᠲᠥᠬᠦᠮ | ᠦᠵᠡᠭᠦᠯᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠣᠭᠤᠮᠲᠠ ᠪᠠᠷ ᠥᠩᠭᠡᠷᠡᠬᠦ ᠳᠤ ︽ᠶᠡᠭᠡ ᠪᠠᠷ | ᠣᠷᠣᠵᠤ ᠭᠠᠷᠴᠤ᠂ ᠲᠦᠷᠭᠡᠨ ᠣᠷᠣᠵᠤ ᠲᠦᠷᠭᠡᠨ ᠭᠠᠷᠬᠤ︾ ᠶᠢ ᠠᠬᠢᠭᠤᠯᠪᠠ᠃ |