ᠬᠤᠲᠠ ᠶᠢᠨ ᠵᠠᠰᠠᠭ ᠤᠨ ᠣᠷᠳᠣᠨ ᠤ 2025 ᠣᠨ ᠤ 7 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/8
    4 ᠰᠠᠷ᠎ᠠ ᠶᠢᠨ 7 ᠤ ᠡᠳᠦᠷ᠂ ᠬᠤᠲᠠ ᠶᠢᠨ ᠵᠠᠰᠠᠭ ᠤᠨ ᠣᠷᠳᠣᠨ 2025 ᠣᠨ ᠤ 7 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭᠠᠨ ᠤ ᠲᠦᠢᠮᠣ ᠣᠨᠣᠯ︾ ᠢ ᠤᠯᠠᠮᠵᠢᠯᠠᠨ ᠰᠤᠷᠤᠯᠴᠠᠵᠤ᠂ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠥᠭᠦᠯᠡᠯᠲᠡ ᠶᠢᠨ ᠲᠡᠭᠦᠪᠦᠷᠢ︾ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠮᠠ ᠬᠠᠶ ᠲᠤᠤ ᠬᠤᠷᠠᠯ ᠡᠷᠭᠢᠯᠡᠪᠡ᠃      ᠬᠤᠷᠠᠯ ᠠᠴᠠ᠂ ᠪᠣᠭᠤᠮᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ᠂ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠪᠣᠭᠤᠮᠲᠠ ᠶᠢᠨ ᠠᠵᠤ ᠠᠬᠤᠢ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ᠃      ᠬᠤᠷᠠᠯ ᠠᠴᠠ ︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭᠠᠨ ᠤ ᠲᠦᠢᠮᠣ ᠥᠭᠦᠯᠡᠯᠲᠡ︾ ᠵᠢᠴᠢ ᠪᠤᠰᠤᠳ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠲᠠᠢ ᠤᠶᠠᠯᠳᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠬᠦ ᠠᠵᠢᠯ ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠰᠤᠷᠤᠯᠴᠠᠨ ᠪᠠᠶᠢᠴᠠᠭᠠᠵᠤ ᠥᠭᠡᠷᠡᠴᠢᠯᠡᠬᠦ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠢᠯᠢᠳᠡᠭ ᠰᠤᠷᠲᠠᠯ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠦᠢᠯᠡᠰ ᠪᠤᠰᠬᠠᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号