ᠬᠤᠲᠠ ᠶᠢᠨ ᠵᠠᠰᠠᠭ ᠤᠨ ᠣᠷᠳᠣᠨ ᠤ 2025 ᠣᠨ ᠤ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠠᠵᠤ ᠠᠬᠤᠶ ᠶᠢᠨ ᠪᠠᠶᠢᠭᠤᠯᠤᠯ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/8
     4 ᠰᠠᠷ᠎ᠠ ᠶᠢᠨ 7 ᠤ ᠡᠳᠦᠷ᠂ ᠬᠤᠲᠠ ᠶᠢᠨ ᠵᠠᠰᠠᠭ ᠤᠨ ᠣᠷᠳᠣᠨ 2025 ᠣᠨ ᠤ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠠᠵᠤ ᠠᠬᠤᠶ ᠶᠢᠨ ᠪᠠᠶᠢᠭᠤᠯᠤᠯ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠠ ᠬᠠᠶ ᠲᠤᠤ ᠬᠤᠷᠠᠯ ᠡᠷᠭᠢᠯᠡᠪᠡ᠃      ᠬᠤᠷᠠᠯ ᠠᠴᠠ ᠮᠠᠨ ᠤ ᠬᠤᠲᠠ ᠶᠢᠨ 2025 ᠣᠨ ᠤ ︽ᠲᠠᠪᠤᠨ ᠶᠡᠭᠡ ᠡᠭᠦᠷᠭᠡ︾ ᠶᠢᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠬᠠᠭᠤᠳᠠᠰᠤ ᠶᠢ ᠰᠤᠳᠤᠯᠤᠨ ᠬᠢᠨᠠᠨ ᠵᠥᠪᠯᠡᠵᠦ᠂ ︽ᠲᠠᠪᠤᠨ ᠶᠡᠭᠡ ᠡᠭᠦᠷᠭᠡ︾ ᠶᠢ ᠠᠬᠢᠭᠤᠯᠬᠤ ᠶᠢ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠲᠠᠢ ᠤᠶᠠᠯᠳᠤᠭᠤᠯᠵᠤ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠶᠢ ᠴᠢᠩᠭᠠᠳᠬᠠᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠰᠤ ᠠᠷᠪᠢᠯᠠᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠬᠦ ᠬᠡᠷᠡᠭᠲᠡᠢ︔ ᠰᠠᠯᠬᠢ ᠭᠡᠷᠡᠯ ᠵᠡᠷᠭᠡ ᠴᠡᠪᠡᠷ ᠡᠨᠧᠷᠭᠢ ᠶᠢ ᠨᠢᠭᠡᠳᠦᠯᠲᠡᠢ ᠲᠥᠯᠥᠪᠵᠢᠭᠦᠯᠦᠨ᠂ ᠠᠰᠢᠭᠯᠠᠯᠲᠠ ᠳᠤ ᠣᠷᠣᠭᠤᠯᠵᠤ᠂ ᠴᠠᠬᠢᠯᠭᠠᠨ ᠭᠠᠷᠭᠠᠬᠤ ᠶᠢ ᠠᠬᠢᠭᠤᠯᠬᠤ ᠬᠡᠷᠡᠭᠲᠡᠢ︔ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ︔ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠵᠡᠷᠭᠡ ᠨᠡᠭᠡᠭᠡᠯᠲᠡᠲᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠭᠤᠮᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠭᠠᠳᠠᠭᠠᠳᠤ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠢᠳᠡᠪᠬᠢᠲᠡᠢ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠡᠷᠢᠶᠡᠨ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠦᠯ︾ ᠢ ᠰᠤᠳᠤᠯᠤᠨ ᠬᠢᠨᠠᠨ ᠵᠥᠪᠯᠡᠵᠦ᠂ ︽ᠣᠶ ᠰᠢᠭᠤᠶ ᠶᠢᠨ ᠳᠠᠷᠤᠭ᠎ᠠ ᠶᠢᠨ ᠲᠦᠷᠢᠮ︾ ᠤᠨ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠵᠢᠴᠢ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠭᠤᠣᠯ ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠵᠦᠢᠯ ᠳᠠᠷᠠᠭᠠᠯᠠᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠢ ᠣᠷᠬᠢᠭᠳᠠᠭᠤᠯᠬᠤ ᠦᠭᠡᠢ᠂ ᠣᠷᠬᠢᠭᠳᠠᠭᠤᠯᠬᠤ ᠦᠭᠡᠢ᠂ ᠬᠤᠶᠢᠰᠢᠯᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ︔ ᠰᠢᠰᠲ᠋ᠧᠮᠲᠦ ᠰᠡᠳᠬᠢᠬᠦᠢ ᠪᠣᠯᠤᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠠᠵᠢᠯ ᠤᠨ ᠭᠤᠣᠯᠳᠠᠯᠭ᠎ᠠ᠂ ᠬᠦᠴᠢᠷᠳᠡᠯ᠂ ᠬᠢᠯᠠᠰ ᠴᠡᠭ ᠢ ᠣᠨᠣᠪᠴᠢᠲᠠᠢ ᠡᠵᠡᠮᠳᠡᠵᠦ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠤᠷᠳᠤ ᠬᠤᠭᠤᠴᠠᠭ᠎ᠠ ᠪᠠᠷ ᠴᠢᠷᠮᠠᠶᠢᠵᠤ᠂ ᠡᠯ᠎ᠡ ᠵᠦᠢᠯ ᠤᠨ ᠠᠵᠢᠯ ᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠪᠠᠰᠠ ᠠᠶᠤᠯᠭᠦᠢ ᠦᠢᠯᠡᠳᠪᠦᠷᠢᠯᠡᠯ᠂ 2025 ᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ ᠠᠵᠢᠯ ᠢ ᠰᠤᠳᠤᠯᠤᠨ ᠬᠢᠨᠠᠨ ᠵᠥᠪᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号