ᠬᠠᠩᠰᠢ ᠶᠢᠨ ᠠᠮᠠᠷᠠᠯᠲᠠ᠄ ᠮᠠᠨ ᠤ ᠬᠤᠲᠠ ᠶᠢᠨ ᠰᠦᠢᠳᠬᠡᠯ ᠬᠤᠷᠢᠶᠠᠬᠤ ᠵᠠᠰᠠᠮᠠᠯ ᠵᠠᠮ ᠤᠨ ᠨᠡᠪᠲᠡᠷᠡᠬᠦ ᠰᠦᠢᠳᠬᠡᠯ ᠬᠤᠷᠢᠶᠠᠬᠤ ᠦᠭᠡᠢ ᠪᠠᠶᠢᠳᠠᠯ 28 ᠲᠦᠮᠡᠨ ᠲᠥᠭᠦᠷᠢᠭ ᠳᠠᠪᠠᠪᠠ
ᠨᠡᠶᠢᠲᠡᠯᠡᠭᠰᠡᠨ ᠴᠠᠭ᠄
2025/4/8
     ᠡᠨᠡ ᠵᠢᠯ ᠤᠨ ᠬᠠᠩᠰᠢ ᠶᠢᠨ ᠠᠮᠠᠷᠠᠯᠲᠠ ᠳᠤ ᠤᠯᠤᠰ ᠠᠴᠠ ᠵᠠᠰᠠᠮᠠᠯ ᠵᠠᠮ ᠨᠡᠪᠲᠡᠷᠡᠬᠦ ᠰᠦᠢᠳᠬᠡᠯ ᠬᠤᠷᠢᠶᠠᠬᠤ ᠦᠭᠡᠶ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠨ᠎ᠠ᠃ 4 ᠳ᠋ᠦ᠋ᠭᠡᠷ ᠰᠠᠷ᠎ᠠ ᠶᠢᠨ 4 ᠤ ᠡᠳᠦᠷ ᠤᠨ 0 ᠴᠠᠭ ᠠᠴᠠ 4 ᠳ᠋ᠦ᠋ᠭᠡᠷ ᠰᠠᠷ᠎ᠠ ᠶᠢᠨ 6 ᠤ ᠡᠳᠦᠷ ᠤᠨ 24 ᠴᠠᠭ ᠪᠣᠯᠲᠠᠯ᠎ᠠ᠂ ᠰᠦᠢᠳᠬᠡᠯ ᠬᠤᠷᠢᠶᠠᠬᠤ ᠵᠠᠰᠠᠮᠠᠯ ᠵᠠᠮ ᠨᠢ 7 ᠰᠠᠭᠤᠳᠠᠯ ᠠᠴᠠ ᠳᠣᠷᠣᠭᠰᠢ ︵7 ᠰᠠᠭᠤᠳᠠᠯ ᠢ ᠪᠠᠭᠲᠠᠭᠠᠨ᠎ᠠ︶ ᠪᠠᠭ᠎ᠠ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠨᠡᠪᠲᠡᠷᠡᠬᠦ ᠰᠦᠢᠳᠬᠡᠯ ᠬᠤᠷᠢᠶᠠᠬᠤ ᠦᠭᠡᠢ᠃      4 ᠰᠠᠷ᠎ᠠ ᠶᠢᠨ 7 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠤᠯᠠᠭᠠᠨᠴᠠᠪ ᠤᠨ ᠬᠤᠪᠢᠶᠠᠷᠢ ᠺᠣᠮᠫᠠᠨᠢ ᠶᠢᠨ ᠡᠷᠢᠶᠡᠨ ᠬᠤᠲᠠ ᠶᠢᠨ ᠰᠦᠢᠳᠭᠡᠯ ᠬᠤᠷᠢᠶᠠᠬᠤ ᠭᠠᠵᠠᠷ ᠪᠣᠯᠤᠨ ᠰᠢᠯᠢ ᠶᠢᠨ ᠭᠤᠣᠯ ᠠᠶᠢᠮᠠᠭ ᠤᠨ ᠵᠠᠰᠠᠮᠠᠯ ᠵᠠᠮ ᠤᠨ ᠲᠡᠷᠭᠡ ᠨᠡᠪᠲᠡᠷᠡᠬᠦ ᠰᠦᠢᠳᠭᠡᠯ ᠲᠠᠲᠠᠪᠤᠷᠢᠯᠠᠬᠤ ᠦᠢᠯᠡᠴᠢᠯᠡᠭᠡᠨ ᠤ ᠲᠥᠪ ᠤᠨ ᠡᠷᠢᠶᠡᠨ ᠬᠤᠲᠠ ᠶᠢᠨ ᠵᠡᠭᠦᠨ ᠵᠠᠮ ᠤᠨ ᠰᠦᠢᠳᠭᠡᠯ ᠬᠤᠷᠢᠶᠠᠬᠤ ᠥᠷᠲᠡᠭᠡ ᠠᠴᠠ ᠣᠶᠢᠯᠠᠭᠠᠵᠦ ᠮᠡᠳᠡᠭᠰᠡᠨ ᠨᠢ᠂ ᠬᠤᠶᠠᠷ ᠰᠦᠢᠳᠭᠡᠯ ᠬᠤᠷᠢᠶᠠᠬᠤ ᠭᠠᠵᠠᠷ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠨᠠᠶᠢᠳᠠ 7 ᠰᠠᠭᠤᠳᠠᠯ ᠠᠴᠠ  ᠳᠣᠷᠣᠭᠰᠢ ︵7 ᠰᠠᠭᠤᠳᠠᠯ ᠪᠠᠭᠲᠠᠨ᠎ᠠ︶ ᠵᠢᠵᠢᠭ ᠬᠡᠯᠪᠡᠷᠢ ᠶᠢᠨ ᠠᠶᠠᠨᠴᠢᠳ ᠤᠨ ᠲᠡᠷᠭᠡ ᠶᠢ 3944 ᠰᠠᠭᠤᠷᠢ ᠰᠦᠢᠳᠭᠡᠯ ᠬᠤᠷᠢᠶᠠᠬᠤ ᠦᠭᠡᠢ ᠪᠠᠷ ᠨᠡᠪᠲᠡᠷᠡᠵᠦ᠂ ᠨᠠᠶᠢᠳᠠ 28.2 ᠲᠦᠮᠡᠨ ᠲᠥᠭᠦᠷᠢᠭ ᠤᠨ ᠨᠡᠪᠲᠡᠷᠡᠬᠦ ᠰᠦᠢᠳᠭᠡᠯ ᠬᠤᠷᠢᠶᠠᠬᠤ ᠦᠭᠡᠢ ᠪᠣᠯᠵᠠᠢ᠃      ᠬᠠᠩᠰᠢ ᠶᠢᠨ ᠬᠤᠭᠤᠴᠠᠭᠠᠨ ᠳᠤ᠂ ᠬᠤᠶᠠᠷ ᠭᠠᠵᠠᠷ ᠤᠨ ᠰᠦᠢᠳᠬᠡᠯ ᠬᠤᠷᠢᠶᠠᠬᠤ ᠭᠠᠵᠠᠷ ᠤᠨ ᠠᠵᠢᠯᠲᠠᠳ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠵᠠᠮ ᠤᠨ ᠬᠡᠰᠡᠭ ᠤᠨ ᠨᠡᠪᠲᠡᠷᠡᠬᠦ ᠨᠤᠷᠮ᠎ᠠ ᠪᠣᠯᠤᠨ ᠦᠢᠯᠡᠴᠢᠯᠡᠭᠡᠨ ᠤ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠵᠠᠰᠠᠮᠠᠯ ᠵᠠᠮ ᠤᠨ ᠰᠠᠭᠠᠳ ᠦᠭᠡᠢ ᠪᠥᠭᠡᠳ ᠡᠮᠬᠢ ᠳᠢᠭᠯᠢᠮ ᠲᠠᠢ ᠪᠠᠶᠢᠬᠤ ᠶᠢ ᠪᠠᠲᠤᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号