【 ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠶᠠᠪᠤᠭᠳᠠᠵᠤ ᠪᠠᠶᠢᠨ᠎ᠠ 】 ᠳᠤᠮᠳᠠᠳᠤ ᠤᠯᠤᠰ ᠤᠨ ᠵᠤᠯᠵᠠᠭ᠎ᠠ ᠮᠣᠳᠣ ᠡᠷᠢᠶᠡᠨ ᠬᠤᠲᠠ ᠶᠢᠨ ᠪᠣᠭᠤᠮᠲᠠ ᠪᠠᠷ ᠮᠣᠩᠭᠤᠯ ᠤᠯᠤᠰ ᠲᠤ ᠭᠠᠷᠭᠠᠪᠠ
ᠨᠡᠶᠢᠲᠡᠯᠡᠭᠰᠡᠨ ᠴᠠᠭ᠄
2025/4/9
      ᠬᠡᠳᠦᠨ ᠡᠳᠦᠷ ᠤᠨ ᠳᠣᠷᠰᠢ᠂ ᠳᠤᠮᠳᠠᠳᠤ ᠤᠯᠤᠰ ᠤᠨ ᠶᠢᠨ ᠶᠧ ᠢᠦᠢ᠂ ᠬᠤᠸᠠ ᠴᠢᠦ ᠱᠦ ᠵᠡᠷᠭᠡ ᠵᠤᠯᠵᠠᠭ᠎ᠠ ᠮᠣᠳᠣ ᠶᠢ ᠡᠷᠢᠶᠡᠨ ᠪᠣᠭᠤᠮᠲᠠ ᠪᠠᠶᠢᠴᠠᠭᠠᠯᠳᠠ ᠬᠢᠭᠰᠡᠨ ᠤ ᠳᠠᠷᠠᠭ᠎ᠠ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠠᠴᠠ ᠮᠣᠩᠭᠤᠯ ᠤᠯᠤᠰ ᠲᠤ ᠵᠦᠭᠡᠭᠡᠪᠣᠷᠢᠯᠡᠪᠡ᠃ ᠣᠳᠣ ᠬᠢᠯᠢ ᠶᠢᠨ ᠪᠣᠭᠤᠮᠲᠠ ᠠᠴᠠ ᠮᠣᠩᠭᠤᠯ ᠤᠯᠤᠰ ᠬᠦᠷᠲᠡᠯ᠎ᠡ ᠮᠠᠨ ᠤ ᠤᠯᠤᠰ ᠤᠨ ᠵᠢᠮᠢᠰ ᠨᠣᠭᠤᠭ᠎ᠠ ᠪᠠᠶᠢᠬᠤ ᠮᠥᠷᠲᠡᠭᠡᠨ ᠰᠠᠯᠬᠢ ᠡᠯᠡᠰᠦ ᠶᠢ ᠵᠠᠰᠠᠬᠤ ᠴᠢᠬᠢ ᠮᠣᠳᠣ ᠴᠤ ᠪᠠᠶᠢᠬᠤ ᠪᠣᠯᠪᠠ᠃       ᠣᠳᠣ ᠪᠣᠯ ᠶᠠᠭ ᠴᠢᠬᠢ ᠮᠣᠳᠣ ᠰᠢᠯᠵᠢᠭᠦᠯᠦᠨ ᠵᠠᠶᠢᠯᠠᠭᠰᠠᠨ ᠠᠯᠲᠠᠨ ᠴᠠᠭ ᠦᠶ᠎ᠡ ᠮᠥᠨ᠃ ᠬᠢᠲᠠᠳ ᠤᠨ ᠨᠠᠪᠴᠢ ᠵᠤᠯᠭᠠᠷᠠᠬᠤ ᠨᠠᠷᠠᠰᠤ᠂ ᠭᠠᠴᠣᠷ᠎ᠠ ᠵᠡᠷᠭᠡ ᠵᠤᠯᠵᠠᠭ᠎ᠠ ᠣᠳᠣ ᠮᠣᠩᠭᠤᠯ ᠤᠯᠤᠰ ᠲᠤ ᠣᠴᠢᠬᠤ ᠠᠶᠠᠨ ᠵᠠᠮ ᠳᠠᠭᠠᠨ ᠣᠷᠣᠯ᠎ᠠ᠃
     2021 ᠣᠨ ᠤ 9 ᠳ᠋ᠦ᠋ᠭᠡᠷ ᠰᠠᠷ᠎ᠠ ᠳᠤ᠂ ᠮᠣᠩᠭᠤᠯ ᠤᠯᠤᠰ ᠤᠨ ᠶᠡᠷᠦᠩᠬᠡᠶᠢᠯᠡᠭᠴᠢ ᠬᠦᠷᠡᠯᠰᠦ᠋ᠬᠡ 76 ᠳ᠋ᠤᠭᠠᠷ ᠬᠤᠭᠤᠴᠠᠭᠠᠨ ᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ ᠡᠩ ᠤᠨ ᠮᠠᠷᠭᠤᠯᠳᠤᠭᠠᠨ ᠳᠤ ᠣᠷᠣᠯᠴᠠᠬᠤ ᠪᠣᠯᠤᠨ᠎ᠠ ᠭᠡᠵᠦ ᠠᠮᠠᠯᠳᠠᠪᠠ᠂ ᠲᠣᠰ ᠤᠯᠤᠰ 2021 ᠣᠨ ᠠᠴᠠ 2030 ᠤᠨ ᠪᠣᠯᠲᠠᠯ᠎ᠠ ᠨᠠᠭᠠᠳᠤ ᠵᠠᠬ᠎ᠠ ᠳᠠᠭᠠᠨ ᠠᠷᠪᠠᠨ ᠳ᠋ᠦᠩᠰᠢᠭᠤᠷ ᠰᠠᠭᠤᠷᠢ ᠮᠣᠳᠣ ᠲᠠᠷᠢᠬᠤ ᠪᠠᠷ ᠲᠥᠯᠥᠪᠯᠡᠵᠦ ᠪᠠᠶᠢᠨ᠎ᠠ᠃ ᠲᠡᠭᠦᠨ ᠠᠴᠠ ᠬᠤᠶᠢᠰᠢ᠂ ᠲᠡᠷᠡ ᠠᠷᠪᠠᠨ ᠳ᠋ᠦᠩᠰᠢᠭᠤᠷ ᠰᠠᠭᠤᠷᠢ ᠮᠣᠳᠣ ᠲᠠᠷᠢᠬᠤ ᠲᠥᠯᠥᠪᠯᠡᠭᠡ ᠶᠢᠨ ᠶᠡᠷᠦᠩᠬᠡᠶᠢᠯᠡᠭᠴᠢ ᠶᠢᠨ ᠵᠠᠷᠯᠢᠭ ᠲᠤ ᠭᠠᠷ ᠤᠨ ᠦᠰᠦᠭ ᠵᠢᠷᠤᠪᠠ᠃ ᠡᠷᠢᠶᠡᠨ ᠬᠤᠲᠠ ︽ᠠᠷᠪᠠᠨ ᠳ᠋ᠦᠩᠰᠢᠭᠤᠷ ᠰᠠᠭᠤᠷᠢ ᠮᠣᠳᠣ ᠲᠠᠷᠢᠬᠤ︾ ᠲᠥᠯᠥᠪᠯᠡᠭᠡ ᠶᠢᠨ ᠠᠰᠢᠭᠳᠠᠢ ᠴᠠᠭ ᠲᠣᠬᠢᠶᠠᠯ ᠢ ᠴᠢᠩᠭ᠎ᠠ ᠠᠳᠬᠤᠵᠦ ᠮᠣᠩᠭᠤᠯ ᠤᠯᠤᠰ ᠤᠨ ᠣᠯᠠᠨ ᠨᠣᠭᠤᠭᠠᠷᠠᠭᠤᠯᠤᠯᠲᠠ ᠶᠢᠨ ᠺᠣᠮᠫᠠᠨᠢ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ ᠠᠷᠠᠯᠵᠢᠶᠠᠨ ᠤ ᠵᠠᠬᠢᠶᠠᠯᠠᠭ᠎ᠠ ᠣᠯᠬᠤ ᠪᠠᠷ ᠴᠢᠷᠮᠠᠶᠢᠨ᠎ᠠ᠃
     ᠴᠢᠬᠢ ᠮᠣᠳᠣᠨ ᠤ ᠬᠠᠩᠭᠠᠯᠭ᠎ᠠ ᠶᠢᠨ ᠬᠤᠳᠠᠯᠳᠤᠭᠠᠴᠢᠨ ᠵᠠᠩ ᠲᠢᠶᠠᠨ ᠯᠢᠶᠠᠩ᠄ ︽ᠡᠨᠡ ᠪᠦᠯᠦᠭ ᠵᠤᠯᠵᠠᠭ᠎ᠠ ᠮᠣᠳᠣ ᠨᠢ ᠠᠭᠤᠷ ᠠᠮᠢᠰᠬᠤᠯ ᠪᠠ ᠬᠥᠷᠥᠰᠥ ᠰᠢᠷᠣᠶ ᠳᠤ ᠵᠣᠬᠢᠴᠠᠬᠤ ᠴᠢᠨᠠᠷ ᠢᠶᠠᠷ ᠴᠢᠩᠭ᠎ᠠ᠂ ᠭᠠᠩ ᠬᠠᠭᠰᠠᠷᠠᠭᠠᠨ᠂ ᠲᠠᠴᠢᠷ ᠪᠠ ᠬᠠᠬᠢᠷ ᠬᠦᠢᠲᠡᠨ ᠳᠤ ᠳᠠᠭᠠᠭᠠᠴᠠᠳᠠᠢ᠂ ᠬᠦᠴᠢᠯᠯᠢᠭ ᠴᠢᠨᠠᠷ᠂ ᠴᠣᠬᠤᠢ ᠶᠢᠨ ᠴᠢᠨᠠᠷᠲᠠᠢ ᠬᠥᠷᠥᠰᠥ ᠰᠢᠷᠣᠢ ᠳᠤ ᠴᠥᠮ ᠤᠷᠭᠤᠵᠤ᠂ ᠮᠣᠩᠭᠤᠯ ᠤᠯᠤᠰ ᠲᠤ ᠳᠠᠷᠢᠬᠤ ᠳᠤ ᠮᠠᠰᠢ ᠲᠣᠬᠢᠷᠠᠮᠵᠢᠲᠠᠶ︾ ᠭᠡᠵᠦ ᠬᠡᠯᠡᠪᠡ᠃     ᠪᠦᠷᠢᠳᠬᠡᠯ ᠢ ᠦᠨᠳᠦᠰᠦᠯᠡᠪᠡᠯ᠂ ᠣᠶᠢᠷ᠎ᠠ ᠶᠢᠨ ᠬᠤᠭᠤᠴᠠᠭᠠᠨ ᠳᠤ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠪᠠᠷ ᠳᠡᠮᠵᠢᠨ ᠭᠠᠳᠠᠭᠠᠳᠤ ᠳᠤ ᠭᠠᠷᠭᠠᠭᠰᠠᠨ ᠴᠢᠬᠢ ᠮᠣᠳᠣ ᠶᠢ ᠵᠠᠯᠭᠠᠭ᠎ᠠ ᠪᠠᠷ ᠮᠣᠩᠭᠤᠯ ᠤᠯᠤᠰ ᠲᠤ ᠭᠠᠷᠭᠠᠵᠤ᠂ ᠭᠠᠳᠠᠭᠠᠳᠤ ᠳᠤ ᠭᠠᠷᠭᠠᠭᠰᠠᠨ ᠴᠢᠬᠢ ᠮᠣᠳᠣ ᠳᠤ ᠭᠤᠣᠯᠳᠠᠭᠤ ᠭᠠᠴᠤᠷ᠎ᠠ᠂ ᠵᠢᠭᠠᠷᠲᠤ ᠨᠠᠷᠠᠰᠤ᠂ ᠬᠠᠷᠭᠠᠢ ᠪᠠᠶᠢᠵᠤ᠂ ᠨᠡᠶᠢᠲᠡ 7800 ᠰᠠᠭᠤᠷᠢ ᠪᠠᠶᠢᠨ᠎ᠠ᠃ ᠡᠨᠡ ᠵᠢᠯ ᠪᠠᠷᠤᠭ 1000 ᠲᠦᠮᠡᠨ ᠰᠠᠭᠤᠷᠢ ᠵᠠᠬᠢᠶᠠᠯᠠᠭ᠎ᠠ ᠵᠠᠬᠢᠶᠠᠯᠠᠨ᠎ᠠ᠃      ᠡᠷᠢᠶᠡᠨ ᠪᠣᠭᠤᠮᠲᠠ ᠶᠢᠨ ᠵᠠᠰᠠᠮᠠᠯ ᠵᠠᠮ ᠤᠨ ᠬᠢᠨᠠᠯᠲᠠ ᠬᠠᠮᠢᠶᠠᠷᠤᠯᠲᠠ ᠶᠢᠨ ᠨᠢᠭᠡᠳᠦᠭᠡᠷ ᠰᠠᠯᠠᠭᠠᠨ ᠤ ᠳᠡᠳ᠋ ᠳᠠᠷᠤᠭ᠎ᠠ ᠶᠧ ᠭᠠᠩ᠄ ︽ᠡᠷᠢᠶᠡᠨ ᠪᠣᠭᠤᠮᠲᠠ ᠶᠢᠨ ᠬᠢᠨ ᠴᠢᠬᠢ ᠮᠣᠳᠣᠨ ᠤ ᠠᠮᠢᠳᠤ ᠠᠮᠠᠷᠬᠠᠨ ᠢᠯᠵᠠᠷᠠᠬᠤ ᠣᠨᠴᠠᠯᠢᠭ ᠲᠤ ᠴᠢᠭᠯᠡᠭᠦᠯᠦᠨ᠂ ᠲᠡᠷᠡ ᠳᠠᠷᠤᠢ ᠳᠤᠨᠢ ᠲᠤᠰᠬᠠᠢ ᠠᠵᠢᠯ ᠤᠨ ᠳᠤᠭᠤᠶᠢᠯᠠᠩ ᠪᠠᠶᠢᠭᠤᠯᠵᠤ᠂ ᠠᠵᠤ ᠠᠬᠤᠶᠢᠯᠠᠯ ᠳᠤ ᠰᠠᠭᠠᠳ ᠦᠭᠡᠢ ᠨᠡᠪᠲᠡᠷᠡᠬᠦ ᠵᠠᠮ ᠨᠡᠭᠡᠭᠡᠵᠦ᠂ ᠡᠳ᠋ ᠪᠠᠷᠠᠭ᠎ᠠ ᠶᠢ ᠬᠢᠨᠠᠨ ᠬᠠᠮᠢᠶᠠᠷᠬᠤ᠂ ᠭᠠᠳᠠᠭᠠᠳᠤ ᠳᠤ ᠭᠠᠷᠭᠠᠬᠤ ᠶᠢ ᠰᠢᠯᠭᠠᠨ ᠪᠠᠶᠢᠴᠠᠭᠠᠬᠤ ᠲᠠᠯ᠎ᠠ ᠪᠠᠷ ᠵᠢᠯᠤᠭᠤᠳᠤᠯᠭ᠎ᠠ ᠬᠠᠩᠭᠠᠵᠤ᠂ ᠠᠵᠤ ᠠᠬᠤᠶᠢᠯᠠᠯ ᠤᠨ ᠤᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠳᠤ ᠬᠦᠴᠦᠨ ᠨᠡᠮᠡᠷᠢᠯᠡᠵᠦ ᠪᠠᠶᠢᠨ᠎ᠠ︾ ᠭᠡᠵᠦ ᠬᠡᠯᠡᠪᠡ᠃     ᠮᠣᠩᠭᠤᠯ ᠤᠯᠤᠰ ᠤᠨ ᠡᠯᠡᠰᠦᠷᠬᠡᠭᠵᠢᠯ ᠢ ᠤᠯᠠᠮ ᠨᠢᠭᠡ ᠠᠯᠬᠤᠮ ᠰᠡᠷᠭᠡᠶᠢᠯᠡᠨ ᠵᠠᠰᠠᠬᠤ ᠶᠢ ᠳᠡᠮᠵᠢᠬᠦ ᠶᠢᠨ ᠲᠥᠯᠥᠭᠡ᠂ ᠡᠷᠢᠶᠡᠨ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠠᠵᠤ ᠠᠬᠤᠶᠢᠯᠠᠯ ᠮᠣᠩᠭᠤᠯ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠪᠠ᠃ ᠮᠣᠩᠭᠤᠯ ᠤᠯᠤᠰ ᠲᠤ ᠵᠠᠶᠢᠯᠠᠬᠤ ᠳᠤ ᠲᠣᠬᠢᠷᠠᠬᠤ ᠨᠢᠯᠬ᠎ᠠ ᠴᠢᠬᠢ ᠶᠢ ᠪᠤᠶᠢᠵᠢᠭᠤᠯᠬᠤ ᠪᠠᠷ ᠳᠠᠮᠵᠢᠭᠤᠯᠤᠨ᠂ ᠬᠡᠷᠡᠭᠴᠡᠭᠡ ᠶᠢ ᠨᠢ ᠦᠨᠳᠦᠰᠦᠯᠡᠨ ᠴᠢᠬᠢ ᠮᠣᠳᠣ ᠬᠠᠩᠭᠠᠵᠤ᠂ ᠴᠢᠬᠢ ᠮᠣᠳᠣ ᠶᠢ ᠪᠣᠷᠣᠯᠠᠭᠤᠯᠬᠤ ᠪᠠ ᠮᠣᠩᠭᠤᠯ ᠤᠯᠤᠰ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠤᠣᠰ ᠠᠮᠵᠢᠯᠲᠠ ᠶᠢ ᠪᠡᠶᠡᠯᠡᠭᠦᠯᠦᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号