| | 5 ᠰᠠᠷ᠎ᠠ ᠶᠢᠨ 9 ᠤ ᠡᠳᠦᠷ᠂ ᠮᠧᠩ ᠨᠧᠩ ᠵᠢᠪᠤᠷ ᠤᠨ ᠰᠠᠯᠬᠢᠨ ᠤ ᠲᠠᠯᠠᠪᠠᠢ ᠶᠢᠨ 100 ᠨᠣᠮᠧᠷᠲᠤ ᠰᠠᠯᠬᠢᠨ | ᠬᠦᠴᠦᠨ ᠤ ᠮᠠᠰᠢᠨ ᠤ ᠡᠴᠦᠰ ᠤᠨ ᠨᠢᠭᠡ ᠬᠡᠰᠡᠭ ᠢ ᠳᠡᠭᠦᠵᠢᠯᠡᠨ ᠤᠭᠰᠠᠷᠠᠵᠤ ᠳᠠᠭᠤᠰᠬᠤ ᠶᠢ ᠳᠠᠭᠠᠯᠳᠤᠨ᠂ ᠮᠧᠩ | ᠨᠧᠩ 150 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠢ ᠲᠣᠤᠷ ᠲᠤ ᠨᠡᠶᠢᠯᠡᠭᠦᠯᠦᠭᠰᠡᠨ ᠰᠠᠯᠬᠢᠨ ᠬᠦᠴᠦᠨ ᠤ | ᠴᠠᠬᠢᠯᠭᠠᠨ ᠤ ᠲᠥᠷᠥᠯ ᠵᠦᠢᠯ ᠤᠨ ᠰᠠᠯᠬᠢᠨ ᠤ ᠮᠠᠰᠢᠨ ᠢ ᠪᠦᠬᠦᠨ ᠢ ᠳᠡᠭᠦᠵᠢᠯᠡᠨ ᠤᠭᠰᠠᠷᠠᠵᠤ ᠳᠠᠭᠤᠰᠤᠭᠰᠠᠨ ᠢ | ᠬᠠᠷᠠᠭᠤᠯᠵᠤ ᠪᠠᠶᠢᠨ᠎ᠠ᠃ | ᠡᠯᠭᠦᠮᠡᠯ ᠦᠯᠢᠶᠡᠭᠦᠷ ᠮᠠᠰᠢᠨ ᠤ ᠪᠠᠷᠢᠯᠭ᠎ᠠ ᠶᠢᠨ ᠠᠵᠢᠯ ᠤᠨ ᠠᠬᠤᠶ ᠲᠠᠯᠠᠪᠠᠶ ᠶᠢᠨ ᠰᠤᠷᠪᠤᠯᠵᠢᠯᠠᠭᠴᠢ ᠶᠢᠨ | ᠣᠯᠵᠤ ᠦᠵᠡᠭᠰᠡᠨ ᠢᠶᠠᠷ᠂ ᠯᠤᠲᠤ ᠶᠡᠭᠡ ᠰᠠᠯᠬᠢᠨ ᠬᠦᠴᠦᠨ ᠤ ᠮᠠᠰᠢᠨ ᠨᠢ ᠡᠬᠡ ᠭᠠᠵᠠᠷ ᠲᠤ ᠰᠦᠷ ᠳᠠᠯᠠᠶᠢᠴᠠᠲᠠᠢ | ᠰᠡᠬᠦ᠋ᠢᠨ ᠰᠦᠨᠳᠡᠷᠯᠡᠵᠦ᠂ ᠳᠡᠭᠦᠵᠢᠯᠡᠭᠦᠷ ᠪᠦᠰᠡ ᠶᠢᠨ ᠲᠠᠲᠠᠭᠤᠷ ᠮᠠᠰᠢᠨ ᠤ ᠨᠠᠪᠴᠢ ᠨᠠᠮᠠᠭ᠎ᠠ ᠪᠠᠷ ᠠᠭᠠᠵᠢᠮ ᠢᠶᠠᠷ | ᠮᠠᠨᠳᠤᠬᠤ ᠶᠢ ᠣᠯᠵᠤ ᠬᠠᠷᠠᠪᠠ᠃ 8 ᠰᠠᠷ᠎ᠠ ᠶᠢᠨ ᠬᠠᠲᠠᠭᠤᠵᠢᠯᠲᠠᠢ ᠴᠢᠷᠮᠠᠶᠢᠯᠭ᠎ᠠ ᠪᠠᠷ 150 ᠰᠠᠤᠷᠢ ᠮᠠᠰᠢᠨ ᠢ | ᠪᠦᠬᠦᠨ ᠢ ᠳᠡᠭᠦᠵᠢᠯᠡᠨ ᠤᠭᠰᠠᠷᠠᠵᠤ ᠳᠠᠭᠤᠰᠬᠠᠪᠠ᠃ ᠬᠥᠬᠡ ᠣᠭᠲᠠᠷᠭᠤᠶ᠂ ᠴᠠᠭᠠᠨ ᠡᠭᠦᠯᠡ ᠶᠢᠨ ᠲᠤᠰᠬᠠᠯ ᠳᠣᠤᠷ᠎ᠠ | ᠂ ᠨᠢᠭᠡᠨ ᠠᠭᠤᠤ ᠶᠡᠭᠡ ᠮᠥᠩᠭᠦᠨ ᠥᠩᠭᠡ ᠶᠢᠨ ︽ᠨᠡᠷᠡᠨ ᠬᠤᠸᠠᠷ︾ ᠨᠢ ᠪᠣᠭᠤᠮᠲᠠ ᠶᠢᠨ ᠬᠢᠯᠢ ᠶᠢᠨ ᠬᠤᠲᠠ ᠶᠢᠨ | ᠨᠢᠭᠡᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠷᠢᠯᠳᠦᠭᠦᠯᠵᠡᠶ᠃ | | | | | | ᠦᠯᠢᠶᠡᠭᠦᠷ ᠮᠠᠰᠢᠨ ᠤ ᠪᠤᠯᠤ ᠶᠢᠨ ᠲᠥᠪ ᠤᠨ ᠥᠨᠳᠦᠷ ᠨᠢ 125 ᠮᠧᠲᠷ᠂ ᠰᠠᠯᠬᠢᠨ ᠤ ᠮᠠᠰᠢᠨ ᠤ ᠳ᠋ᠢᠶᠠᠮᠧᠲᠷ | ᠨᠢ 226 ᠮᠧᠲᠷ᠂ ᠨᠢᠭᠡ ᠰᠠᠭᠤᠷᠢ ᠰᠠᠯᠬᠢᠨ ᠮᠠᠰᠢᠨ ᠤ ᠬᠦᠨᠳᠦ ᠨᠢ 260 ᠲᠣᠨ᠂ ᠰᠠᠯᠬᠢ ᠱᠦᠭᠦᠷᠳᠡᠬᠦ | ᠲᠠᠯᠠᠪᠠᠢ ᠨᠢ ᠪᠠᠷᠤᠭ 4 ᠲᠦᠮᠡᠨ ᠲᠡᠭᠰᠢ ᠳᠥᠷᠪᠡᠯᠵᠢᠨ ᠮᠧᠲᠷ᠂ 6 ᠪᠠᠷᠢᠮᠵᠢᠶᠠᠲᠤ ᠬᠥᠯ ᠪᠥᠮᠪᠦᠭᠡ ᠶᠢᠨ ᠲᠠᠯᠠᠪᠠᠢ ᠲᠠᠢ | ᠤᠶᠢᠷᠠᠯᠴᠠᠭ᠎ᠠ ᠪᠠᠶᠢᠳᠠᠭ᠃ ᠡᠭᠦᠨ ᠤ ᠬᠠᠮᠲᠤ᠂ ᠣᠶᠤᠨᠴᠢᠯᠠᠭᠰᠠᠨ ᠡᠵᠡᠩᠨᠡᠯᠲᠡ ᠬᠠᠮᠢᠶᠠᠷᠤᠯᠲᠠ ᠶᠢᠨ ᠲᠠᠪᠴᠠᠩ ᠢ | ᠵᠡᠷᠭᠡ ᠪᠠᠷ ᠪᠠᠶᠢᠭᠤᠯᠵᠤ᠂ ᠪᠣᠶ ᠪᠥᠬᠦᠶ ᠠᠵᠢᠯᠯᠠᠭᠠᠨ ᠤ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠵᠢᠯᠣᠭᠤᠳᠤᠨ | ᠲᠣᠬᠢᠷᠠᠭᠤᠯᠬᠤ ᠲᠥᠪ ᠲᠤ ᠵᠠᠯᠭᠠᠨ ᠣᠷᠣᠭᠤᠯᠵᠤ᠂ ︽ᠬᠥᠮᠦᠨ ᠥᠬᠡᠶ ᠵᠢᠵᠢᠭᠦᠷᠯᠡᠬᠦ᠂ ᠰᠠᠭᠤᠷᠢᠨ ᠭᠠᠵᠠᠷ ᠢ | ᠠᠵᠢᠯᠯᠠᠭᠤᠯᠤᠨ ᠬᠠᠮᠠᠭᠠᠯᠠᠬᠤ᠂ ᠠᠯᠤᠰ ᠬᠡᠲᠦ ᠶᠢᠨ ᠲᠥᠪᠯᠡᠷᠡᠭᠦᠯᠦᠨ ᠡᠵᠡᠮᠳᠡᠬᠦ᠂ ᠲᠤᠭ᠎ᠠ ᠪᠠᠷᠢᠮᠲᠠ ᠶᠢᠨ ᠡᠵᠡᠩᠨᠡᠯᠲᠡ | ︾ ᠶᠢᠨ ᠣᠳᠣᠬᠢᠴᠢᠯᠠᠭᠰᠠᠨ ᠥᠨᠳᠥᠷ ᠪᠦᠲᠦᠮᠵᠢᠲᠡᠶ ᠠᠵᠢᠯᠯᠠᠭᠤᠯᠵᠤ ᠬᠠᠮᠠᠭᠠᠯᠠᠬᠤ ᠵᠠᠭᠪᠤᠷ ᠢ ᠪᠠᠶᠢᠭᠤᠯᠬᠤ ᠳᠤ ᠪᠠᠲᠤ | ᠪᠠᠬᠢ ᠰᠠᠭᠤᠷᠢ ᠲᠠᠯᠪᠢᠵᠤ ᠥᠭᠪᠡ᠃ | ᠰᠠᠯᠬᠢᠨ ᠬᠦᠴᠦᠨ ᠤ ᠮᠠᠰᠢᠨ ᠢ ᠳᠡᠭᠦᠵᠢᠯᠡᠨ ᠤᠭᠰᠠᠷᠠᠬᠤ ᠠᠵᠢᠯ ᠤᠨ ᠳᠤᠮᠳᠠ᠂ ᠪᠠᠷᠢᠯᠭ᠎ᠠ ᠶᠢᠨ ᠠᠵᠤ | ᠠᠬᠤᠶᠢᠯᠠᠯ ᠠᠭᠠᠷ ᠤᠨ ᠳᠤᠯᠠᠭᠠᠨ ᠳᠣᠤᠷ᠎ᠠ᠂ ᠪᠦᠲᠦᠭᠡᠨ ᠪᠠᠶᠢᠭᠤᠯᠤᠯᠲᠠ ᠶᠢᠨ ᠬᠦᠴᠢᠷᠳᠡᠯ ᠶᠡᠭᠡ᠂ ᠲᠦᠭᠰᠢᠭᠦᠷᠢ | ᠥᠨᠳᠥᠷ ᠪᠠ ᠪᠠᠷᠢᠯᠭ᠎ᠠ ᠶᠢᠨ ᠴᠣᠩᠬᠤᠨ ᠤ ᠬᠤᠭᠤᠴᠠᠭ᠎ᠠ ᠣᠬᠤᠷ ᠵᠡᠷᠭᠡ ᠬᠦᠴᠢᠷᠳᠡᠯ ᠢ ᠢᠯᠠᠨ ᠳᠠᠪᠠᠵᠤ᠂ 10 | ᠭᠠᠷᠤᠶ ᠠᠵᠢᠯ ᠤᠨ ᠬᠡᠪᠴᠢᠶ᠎ᠡ ᠶᠢ ᠳᠡᠯᠭᠡᠵᠦ᠂ ᠪᠠᠷᠢᠯᠭ᠎ᠠ ᠶᠢᠨ ᠲᠥᠰᠦᠯ ᠪᠠ ᠤᠷ᠎ᠠ ᠮᠡᠷᠭᠡᠵᠢᠯ ᠢ ᠰᠢᠯᠢᠳᠡᠭᠵᠢᠭᠦᠯᠬᠦ | ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠢᠯ ᠤᠨ ᠲᠤᠬᠠᠶ ᠶᠢᠨ ᠲᠠᠯᠠᠪᠤᠷ ᠣᠯᠠᠨ ᠬᠡᠪᠴᠢᠶ᠎ᠡ ᠥᠷᠭᠡᠨ᠂ | ᠬᠠᠮᠢᠶᠠᠷᠤᠯᠲᠠ ᠶᠢᠨ ᠬᠦᠴᠢᠷᠳᠡᠯ ᠶᠡᠭᠡ ᠵᠡᠷᠭᠡ ᠬᠦᠴᠢᠷᠳᠡᠯ ᠪᠠ ᠥᠷᠢᠰᠥᠯᠳᠦᠭᠡᠨ ᠢ ᠰᠢᠢᠳᠪᠦᠷᠢᠯᠡᠵᠦ᠂ ᠲᠥᠷᠥᠯ | ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠡᠵᠡᠩᠨᠡᠬᠦ ᠳᠤ ᠬᠦᠴᠦᠨ ᠨᠡᠮᠡᠷᠢᠯᠡᠪᠡ᠃ | ᠮᠧᠩ ᠨᠧᠩ 150 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠶ ᠲᠣᠤᠷ ᠲᠤ ᠨᠡᠶᠢᠯᠡᠭᠦᠯᠦᠭᠰᠡᠨ | ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ | ᠢᠨᠵᠧᠨᠧᠷᠢᠩ ᠪᠠᠶᠢᠵᠤ᠂ ᠥᠪᠥᠷ ᠮᠣᠩᠭᠤᠯ ᠤᠨ ᠡᠨᠧᠷᠭᠢ ᠶᠢᠨ ᠡᠷᠢᠶᠡᠨ ᠬᠤᠲᠠ ᠶᠢᠨ 100 ᠲᠦᠮᠡᠨ ᠺᠢᠯᠣᠸᠠᠲ ᠤᠨ | ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠪᠠ ᠥᠪᠥᠷ ᠮᠣᠩᠭᠤᠯ ᠤᠨ ᠡᠨᠧᠷᠭᠢ ᠶᠢᠨ ᠡᠷᠢᠶᠡᠨ ᠬᠤᠲᠠ ᠶᠢᠨ | ᠪᠣᠭᠤᠮᠲᠠ ᠶᠢᠨ ᠪᠣᠬᠢᠷᠲᠤᠯ ᠥᠬᠡᠶ ᠪᠠᠷ ᠴᠠᠬᠢᠯᠭᠠᠨ ᠬᠠᠩᠭᠠᠬᠤ 50 ᠲᠦᠮᠡᠨ ᠺᠢᠯᠣᠸᠠᠲ ᠤᠨ ᠰᠠᠯᠬᠢᠨ ᠬᠦᠴᠦᠨ ᠤ | ᠴᠠᠬᠢᠯᠭᠠᠨ ᠤ ᠲᠥᠷᠥᠯ ᠵᠦᠢᠯ ᠢᠶᠠᠷ ᠪᠦᠷᠢᠯᠳᠦᠵᠡᠶ᠃ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠴᠠᠬᠢᠯᠭᠠᠨ | ᠭᠠᠷᠭᠠᠭᠰᠠᠨ ᠤ ᠳᠠᠷᠠᠭ᠎ᠠ᠂ ᠵᠢᠯ ᠪᠦᠷᠢ ᠪᠠᠷᠢᠮᠵᠢᠶ᠎ᠠ ᠨᠡᠭᠦᠷᠡᠰᠦ ᠶᠢ ᠪᠠᠷᠤᠭ 137 ᠲᠦᠮᠡᠨ ᠲᠣᠨ ᠠᠷᠪᠢᠯᠠᠵᠤ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 408 ᠲᠦᠮᠡᠨ ᠲᠣᠨ ᠪᠠᠭᠠᠰᠬᠠᠵᠤ᠂ | ᠪᠣᠭᠤᠮᠲᠠ ᠶᠢᠨ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠤᠨ ᠬᠡᠯᠪᠡᠷᠢ ᠪᠠᠨ ᠬᠤᠪᠢᠷᠠᠭᠤᠯᠬᠤ ᠳᠤ ᠬᠦᠴᠦᠨ | ᠨᠡᠮᠡᠷᠢᠯᠡᠵᠦ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠳᠤ ᠦᠢᠯᠡᠴᠢᠯᠡᠬᠦ ᠶᠢᠨ | ᠬᠠᠮᠲᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ | ᠭᠠᠵᠠᠷ ᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃ |