ᠰᠢᠯᠢ ᠶᠢᠨ ᠭᠤᠤᠯ ᠠᠶᠢᠮᠠᠭ ᠤᠨ ᠭᠤᠷᠪᠠᠨ ᠭᠠᠵᠠᠷ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠢ ᠪᠡᠭᠡᠵᠢᠩ ᠳᠤ ᠠᠮᠵᠢᠯᠲᠠ ᠲᠠᠢ ᠡᠷᠭᠢᠯᠡᠪᠡ
ᠨᠡᠶᠢᠲᠡᠯᠡᠭᠰᠡᠨ ᠴᠠᠭ᠄
2025/5/12
     
      5 ᠳ᠋ᠤᠭᠠᠷ ᠰᠠᠷ᠎ᠠ ᠶᠢᠨ 10 ᠤ ᠡᠳᠦᠷ᠂ ︽ᠨᠠᠮ ᠤᠨ ᠬᠡᠷᠡᠯ ᠬᠢᠯᠪᠠᠭ᠎ᠠ ᠰᠠᠴᠤᠷᠠᠭᠤᠯᠬᠤ ᠤᠮᠠᠷᠠᠲᠤ ᠬᠢᠯᠢ ᠶᠢᠨ ᠪᠡᠭᠡᠵᠢᠩ ᠥᠪᠥᠷ ᠮᠣᠩᠭᠤᠯ ᠤᠨ ᠭᠠᠷ ᠬᠤᠯᠪᠣᠯᠴᠠᠨ ᠵᠢᠷᠤᠭᠯᠠᠬᠤ ᠢᠷᠠᠭᠤ ᠬᠠᠭᠤᠳᠠᠰᠤ︾ ᠪᠠᠷ ᠭᠤᠤᠯ ᠰᠡᠳᠦᠪ ᠪᠣᠯᠭᠠᠭᠰᠠᠨ 2025 ᠪᠡᠭᠡᠵᠢᠩ ᠥᠪᠥᠷ ᠮᠣᠩᠭᠤᠯ ᠤᠨ ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤᠨ ᠤ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠢᠯᠢ ᠬᠢᠵᠠᠭᠠᠷ ᠲᠤ ᠣᠷᠣᠬᠤ︾ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠪᠡᠭᠡᠵᠢᠩ ᠳᠤ ᠡᠬᠢᠯᠡᠪᠡ᠃ ᠮᠠᠰᠢ ᠤᠯᠠᠨ ᠠᠵᠤ ᠠᠬᠤᠶᠢᠯᠠᠯ ᠤᠨ ᠲᠥᠯᠥᠭᠡᠯᠡᠭᠴᠢ᠂ ᠠᠵᠢᠯ ᠲᠦᠷᠦᠯ ᠤᠨ ᠲᠤᠰᠬᠠᠢ ᠮᠡᠷᠭᠡᠵᠢᠯᠲᠡᠨ ᠨᠢᠭᠡ ᠲᠠᠩᠬᠢᠮ ᠳᠤ ᠴᠤᠭᠯᠠᠷᠠᠵᠤ᠂ ᠬᠠᠮᠲᠤᠷᠠᠯᠴᠠᠭᠠᠨ ᠤ ᠠᠵᠠ ᠲᠣᠬᠢᠶᠠᠯ ᠢ ᠬᠠᠮᠲᠤᠪᠠᠷ ᠰᠦᠪᠡᠭᠴᠢᠯᠡᠵᠦ᠂ ᠬᠢᠯᠢ ᠬᠢᠵᠠᠭᠠᠷ ᠣᠷᠣᠨ ᠤ ᠠᠵᠤ ᠠᠬᠤᠢ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃       ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠢ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠡᠭᠡᠵᠢᠩ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠠᠴᠠ ᠭᠤᠤᠯᠯᠠᠨ ᠡᠷᠭᠢᠯᠡᠪᠡ᠃ ᠡᠨᠡ ᠨᠢ ᠨᠠᠮ ᠤᠨ ᠲᠥᠪ ᠬᠤᠷᠢᠶᠠᠨ ᠤ ︽ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠬᠢᠯᠢ ᠬᠢᠵᠠᠭᠠᠷ ᠢ ᠪᠠᠬᠢᠵᠢᠭᠦᠯᠬᠦ︾ ᠲᠤᠬᠠᠶ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠢᠯᠢ ᠬᠢᠵᠠᠭᠠᠷ ᠣᠷᠣᠨ ᠤ ᠬᠥᠭᠵᠢᠯᠲᠡ ᠳᠠᠬᠢ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠤᠨ᠂ ᠣᠷᠣᠨ ᠪᠦᠰᠡ ᠶᠢᠨ ᠠᠵᠤ ᠠᠬᠤᠶ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠶᠢᠨ ᠲᠥᠯᠥᠭᠡ ᠶᠤᠮ᠃       ᠲᠠᠨᠢᠯᠴᠠᠭᠤᠯᠭ᠎ᠠ ᠶᠢᠨ ᠬᠤᠷᠠᠯ ᠤᠨ ᠠᠬᠤᠶ ᠲᠠᠯᠠᠪᠠᠶ ᠳᠤ᠂ ᠡᠷᠢᠶᠡᠨ ᠬᠤᠲᠠ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ ᠲᠣᠰ ᠲᠣᠰ ᠥᠪᠡᠷ ᠥᠪᠡᠷ ᠤᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ᠂ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ ᠵᠢᠴᠢ ᠭᠤᠤᠯᠳᠠᠯᠭ᠎ᠠ ᠲᠠᠢ ᠬᠤᠳᠠᠯᠳᠤᠭᠠᠴᠢᠨ ᠤᠷᠢᠬᠤ ᠲᠥᠷᠥᠯ ᠵᠦᠶ᠋ᠯ ᠤᠨ ᠲᠤᠬᠠᠶ ᠨᠠᠷᠢᠨ ᠲᠠᠨᠢᠯᠴᠠᠭᠤᠯᠪᠠ᠃        ᠡᠷᠢᠶᠡᠨ ᠬᠤᠲᠠ ᠶᠢᠨ ᠢ ᠯᠢ ᠠᠷᠠᠯᠵᠢᠶᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠱᠤᠸᠠᠢ ︽ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠤᠨ ᠬᠡᠪ ᠪᠠᠷᠢᠮᠵᠢᠶ᠎ᠠ ᠥᠨᠳᠥᠷ᠂ ᠬᠡᠪᠴᠢᠶ᠎ᠡ ᠶᠡᠭᠡ ᠪᠠᠶᠢᠵᠤ᠂ ᠡᠯ᠎ᠡ ᠲᠠᠯ᠎ᠠ ᠶᠢᠨ ᠡᠬᠢ ᠪᠠᠶᠠᠯᠢᠭ ᠪᠠ ᠮᠠᠰᠢ ᠣᠯᠠᠨ ᠰᠢᠯᠢᠳᠡᠭ ᠠᠵᠤ ᠠᠬᠤᠶᠢᠯᠠᠯ ᠢ ᠬᠤᠷᠠᠮᠳᠤᠭᠤᠯᠵᠤ᠂ ᠪᠢᠳᠡᠨ ᠳᠤ ᠮᠠᠰᠢ ᠰᠠᠶᠢᠨ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠬᠠᠩᠭᠠᠭᠰᠠᠨ ᠪᠠᠶᠢᠨ᠎ᠠ᠃ ᠮᠠᠨ ᠤ ᠠᠵᠤ ᠠᠬᠤᠶᠢᠯᠠᠯ ᠡᠷᠢᠶᠡᠨ ᠬᠤᠳᠠ ᠲᠠᠢ ᠬᠠᠮᠲᠤ ᠪᠠᠷ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠵᠦ᠂ ᠬᠢᠯᠢ ᠬᠢᠵᠠᠭᠠᠷ ᠣᠷᠣᠨ ᠤ ᠠᠵᠤ ᠠᠬᠤᠢ ᠶᠢᠨ ᠬᠥᠭᠵᠢᠯ ᠴᠡᠴᠡᠭᠯᠡᠯ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠨ᠎ᠡ ᠭᠡᠳᠡᠭ ᠢ ᠢᠲᠡᠭᠡᠵᠦ ᠪᠠᠶᠢᠨ᠎ᠠ᠃︾       ᠲᠣᠰ ᠤᠳᠠᠭᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠦᠷ᠎ᠡ ᠪᠦᠲᠦᠭᠡᠯ ᠣᠯᠵᠤ᠂ ᠨᠡᠶᠢᠲᠡ 15 ᠲᠥᠷᠥᠯ ᠵᠦᠢᠯ ᠳᠤ ᠭᠡᠷ᠎ᠡ ᠲᠣᠭᠲᠠᠵᠤ᠂ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠰᠢᠨ᠎ᠡ ᠡᠨᠧᠷᠭᠢ᠂ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠶ᠋ᠯᠡᠳᠬᠦ ᠦᠢᠯᠡᠰ᠂ ᠰᠣᠶᠣᠯ ᠵᠢᠭᠤᠯᠴᠢᠯᠠᠯ ᠵᠡᠷᠭᠡ ᠣᠯᠠᠨ ᠬᠦᠷᠢᠶ᠎ᠡ ᠶᠢ ᠬᠠᠮᠤᠷᠴᠠᠶ᠃ ᠭᠡᠷ᠎ᠡ ᠲᠣᠭᠲᠠᠭᠰᠠᠨ ᠶᠡᠷᠦᠩᠬᠡᠶ ᠵᠣᠭᠤᠰ ᠤᠨ ᠲᠤᠭ᠎ᠠ ᠨᠢ 54.85 ᠳ᠋ᠦᠩᠰᠢᠭᠤᠷ ᠲᠥᠭᠦᠷᠢᠭ ᠲᠤ ᠬᠦᠷᠴᠦ᠂ ᠰᠢᠯᠢ ᠶᠢᠨ ᠭᠤᠤᠯ ᠠᠶᠢᠮᠠᠭ ᠤᠨ ᠭᠤᠷᠪᠠᠨ ᠭᠠᠵᠠᠷ ᠤᠨ ᠳᠣᠲᠣᠷ ᠭᠠᠵᠠᠷ ᠤᠨ ᠠᠵᠤ ᠠᠬᠤᠶᠢᠯᠠᠯ ᠲᠠᠢ ᠨᠡᠪᠲᠡᠷᠡᠯᠴᠡᠨ ᠬᠠᠮᠲᠤᠷᠠᠯᠴᠠᠬᠤ ᠬᠥᠭᠦᠷᠭᠡ ᠶᠢ ᠪᠠᠶᠢᠭᠤᠯᠵᠤ᠂ ᠬᠢᠯᠢ ᠬᠢᠵᠠᠭᠠᠷ ᠤᠨ ᠦᠨᠳᠦᠰᠦᠲᠡᠨ ᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号