ᠭᠤᠷᠪᠠᠨ ᠭᠠᠵᠠᠷ ᠤᠨ ᠤᠯᠠᠭᠠᠨᠮᠥ᠋ᠴᠢᠷ ᠦᠨᠳᠦᠰᠦᠲᠡᠨ ᠤ ᠰᠣᠶᠣᠯ ᠤᠨ ᠣᠷᠳᠣᠨ ᠤ ᠰᠣᠩᠭᠤᠳᠠᠭ ᠪᠦᠲᠦᠭᠡᠯ ᠪᠣᠯᠤᠨ ᠴᠠᠭ ᠦᠶ᠎ᠡ ᠶᠢᠨ ᠬᠠᠮᠲᠤ ᠶᠢᠨ ᠴᠤᠤᠷᠢᠶᠠᠲᠤᠯ ᠤᠷᠠᠯᠢᠭ ᠤᠨ ᠬᠠᠯᠠᠭᠤᠨ ᠰᠡᠳᠬᠢᠯᠭᠡ ᠶᠢ ᠬᠥᠭᠵᠢᠭᠡᠪᠡ
ᠨᠡᠶᠢᠲᠡᠯᠡᠭᠰᠡᠨ ᠴᠠᠭ᠄
2025/5/12
   
     5 ᠰᠠᠷ᠎ᠠ ᠶᠢᠨ 10 ᠤ ᠡᠳᠦᠷ᠂ ᠦᠨᠳᠦᠰᠦᠲᠡᠨ ᠤ ᠣᠨᠴᠠᠯᠢᠭ ᠲᠠᠢ ᠲᠦᠢᠯ ᠤᠨ ᠶᠡᠭᠡ ᠤᠷᠠᠨ ᠰᠠᠶᠢᠬᠠᠨ ᠤ ᠲᠣᠭᠯᠠᠯᠲᠠ ᠦᠨᠳᠦᠰᠦᠲᠡᠨ ᠤ ᠰᠣᠶᠣᠯ ᠤᠨ ᠣᠷᠳᠣᠨ ᠳᠤ ᠶᠠᠪᠤᠭᠳᠠᠪᠠ᠃ ᠰᠢᠯᠢ ᠶᠢᠨ ᠭᠤᠤᠯ ᠠᠶᠢᠮᠠᠭ ᠤᠨ ᠭᠤᠷᠪᠠᠨ ᠭᠠᠵᠠᠷ ᠤᠨ ᠤᠯᠠᠭᠠᠨᠮᠥ᠋ᠴᠢᠷ ᠤᠨ ᠭᠡᠰᠢᠭᠦᠳ ᠤᠷᠠᠨ ᠨᠠᠷᠢᠯᠢᠭ ᠤᠷ᠎ᠠ ᠮᠡᠷᠭᠡᠵᠢᠯ ᠪᠠ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠡᠭᠡᠵᠢᠩ ᠬᠤᠲᠠ ᠶᠢᠨ ᠠᠷᠠᠳ ᠲᠤ ᠨᠢᠭᠡ ᠤᠳᠠᠭᠠᠨ ᠤ ᠦᠵᠡᠵᠦ ᠰᠣᠨᠣᠰᠬᠤ ᠦᠪᠡᠳᠡᠭᠰᠢ ᠨᠠᠶᠢᠷ ᠢ ᠠᠪᠴᠢᠷᠠᠵᠤ᠂ ᠬᠠᠯᠠᠭᠤᠨ ᠲᠤᠰᠬᠠᠯ ᠭᠠᠷᠭᠠᠪᠠ᠃       ᠲᠣᠭᠯᠠᠯᠲᠠ ᠶᠢ ︽ᠬᠦᠨᠳᠦᠳᠬᠡᠯ ᠳᠡᠪᠰᠢᠭᠦᠯᠬᠦ︾ ︽ᠶᠡᠷᠦᠩᠬᠡᠶ ᠱᠦᠵᠢ ᠰᠢ ᠶᠢᠨ ᠫᠢᠩ ᠤᠨ ᠬᠠᠷᠢᠭᠤ ᠵᠠᠬᠢᠳᠠᠯ︾ ︽ᠰᠢᠨ᠎ᠡ ᠴᠠᠭ ᠦᠶ᠎ᠡ ᠶᠢ ᠪᠠᠷᠠᠯᠠᠬᠤ︾ ᠭᠡᠬᠦ ᠭᠤᠷᠪᠠᠨ ᠪᠦᠯᠦᠭ ᠢᠶᠠᠷ ᠬᠤᠪᠢᠶᠠᠪᠠ᠃ ᠡᠬᠢᠯᠡᠯᠲᠡ ᠶᠢᠨ ᠶᠣᠰᠣᠯᠠᠯ ᠨᠢ ᠳᠠᠭᠤᠤ ᠪᠥᠵᠢᠭ ᠢᠶᠠᠷ ︽ᠮᠠᠭᠲᠠᠭᠠᠯ ᠳᠠᠭᠤᠤ︾ ᠶᠢᠨ ᠬᠠᠮᠲᠤ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠢ ᠬᠥᠭᠵᠢᠭᠡᠵᠦ᠂ ᠣᠷᠭᠢᠯᠤᠮ᠎ᠠ ᠬᠠᠯᠠᠭᠤᠨ ᠬᠦᠭ ᠠᠶᠠᠰ᠂ ᠭᠤᠶᠢᠳᠠ ᠰᠠᠶᠢᠬᠠᠨ ᠪᠥᠵᠢᠭ ᠤᠨ ᠳᠦᠷᠰᠦ ᠪᠠᠶᠢᠳᠠᠯ ᠢ ᠬᠥᠭᠵᠢᠭᠡᠵᠦ᠂ ᠦᠵᠡᠭᠴᠢᠳ ᠢ ᠷᠢᠳᠢ ᠰᠢᠳᠢ ᠪᠠᠷ ᠪᠢᠯᠬᠠᠭᠰᠠᠨ ᠲᠠᠯ᠎ᠠ ᠨᠤᠲᠤᠭ ᠤᠨ ᠤᠷᠠᠯᠢᠭ ᠤᠨ ᠶᠢᠷᠲᠢᠨᠴᠦ ᠳᠤ ᠣᠷᠣᠭᠤᠯᠪᠠ᠃ ᠲᠠᠷᠠᠭ᠎ᠠ ᠨᠢ᠂ ᠤᠷᠲᠤ ᠶᠢᠨ ᠳᠠᠭᠤᠤ ︽ᠥᠷᠭᠡᠨ ᠠᠭᠤᠳᠠᠮ ᠲᠠᠯ᠎ᠠ ᠨᠤᠲᠤᠭ︾ ᠨᠢ ᠲᠡᠭᠦᠨ ᠤ ᠢᠷᠠᠭᠤ ᠰᠠᠶᠢᠬᠠᠨ ᠠᠶᠠᠯᠭᠤ ᠪᠠᠷ ᠲᠠᠯ᠎ᠠ ᠨᠤᠲᠤᠭ ᠤᠨ ᠰᠦᠷᠯᠢᠭ ᠰᠠᠶᠢᠬᠠᠨ ᠥᠷᠭᠡᠨ ᠠᠭᠤᠳᠠᠮ ᠲᠠᠯ᠎ᠠ ᠶᠢ ᠬᠠᠷᠠᠭᠤᠯᠪᠠ︔ ᠯᠢᠮᠪᠦ ᠶᠢᠨ ᠭᠤᠷᠪᠠᠨ ᠬᠥᠭᠵᠢᠮ ︽ᠮᠠᠯᠴᠢᠳ ᠤᠨ ᠰᠢᠨ᠎ᠡ ᠳᠠᠭᠤᠤ︾ ᠶᠢ ᠬᠥᠭᠵᠢᠮᠳᠡᠵᠦ᠂ ᠮᠠᠯᠴᠢᠳ ᠤᠨ ᠵᠣᠯ ᠵᠢᠷᠭᠠᠯᠲᠤ ᠠᠮᠢᠳᠤᠷᠠᠯ ᠢ ᠠᠮᠢᠳᠤᠯᠢᠭ ᠢᠶᠠᠷ ᠵᠢᠷᠤᠭᠯᠠᠵᠠᠢ︔ ᠳᠠᠭᠤᠤ ᠪᠥᠵᠢᠭ ︽ᠲᠡᠭᠷᠢ ᠶᠢᠨ ᠬᠠᠶᠠᠭ᠎ᠠ︾ ᠶᠢᠨ ᠭᠦᠨ ᠵᠤᠵᠠᠭᠠᠨ ᠬᠠᠶᠢᠷ᠎ᠠ ᠰᠡᠳᠭᠢᠯᠭᠡ ᠶᠢᠨ ᠵᠣᠭᠤᠰ ᠮᠥᠩᠭᠦ ᠨᠢ ᠬᠥᠮᠦᠰ ᠢ ᠰᠣᠭᠲᠣᠭᠤᠷᠠᠭᠤᠯᠤᠨ᠎ᠠ᠃ ᠬᠠᠮᠲᠤ ᠶᠢᠨ ᠪᠥᠵᠢᠭ ︽ᠭᠠᠯ ᠤᠯᠠᠭᠠᠨ ᠵᠠᠯᠠᠭᠤ ᠨᠠᠰᠤ︾ ᠨᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠵᠤ᠂ ᠵᠠᠯᠠᠭᠤ ᠨᠢᠭᠡ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠪᠡ︔ ᠡᠮᠡᠭᠲᠡᠶ ᠶᠢᠨ ᠨᠠᠶᠢᠷᠠᠯ ᠳᠠᠭᠤᠤ ︽ᠶᠡᠷᠦᠩᠬᠡᠶ ᠱᠦᠵᠢ ᠰᠢ ᠶᠢᠨ ᠫᠢᠩ ᠬᠠᠷᠢᠭᠤ ᠵᠠᠬᠢᠳᠠᠯ ᠢᠷᠡᠪᠡ︾᠂ ᠮᠣᠷᠢᠨ ᠬᠤᠭᠤᠷ ᠤᠨ ᠨᠠᠶᠢᠷᠠᠯ ᠬᠥᠭᠵᠢᠮ ︽ᠲᠠᠯ᠎ᠠ ᠨᠤᠲᠤᠭ ᠨᠢ ᠪᠡᠭᠡᠵᠢᠩ ᠲᠠᠢ ᠵᠠᠯᠭᠠᠯᠳᠤᠭᠰᠠᠨ ᠨᠢ︾ ᠵᠡᠷᠭᠡ ᠲᠣᠭᠯᠠᠯᠲᠠ ᠨᠢ ᠴᠠᠭ ᠦᠶ᠎ᠡ ᠶᠢᠨ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠲᠠᠯ᠎ᠠ ᠨᠤᠲᠤᠭ ᠤᠨ ᠬᠥᠪᠡᠭᠦᠳ ᠥᠬᠢᠳ ᠤᠨ ᠨᠠᠮ ᠪᠠ ᠤᠯᠤᠰ ᠲᠠᠬᠢ ᠭᠦᠨ ᠵᠤᠵᠠᠭᠠᠨ ᠬᠠᠶᠢᠷ᠎ᠠ ᠰᠡᠳᠬᠢᠯᠭᠡ ᠵᠢᠴᠢ ᠰᠢᠨ᠎ᠡ ᠴᠠᠭ ᠦᠶ᠎ᠡ ᠶᠢᠨ ᠰᠠᠶᠢᠨ ᠰᠠᠶᠢᠬᠠᠨ ᠠᠮᠢᠳᠤᠷᠠᠯ ᠤᠨ ᠲᠤᠬᠠᠶ ᠮᠠᠭᠲᠠᠭᠠᠯ ᠪᠠ ᠬᠦᠰᠡᠯ ᠡᠷᠡᠮᠡᠯᠵᠡᠯ ᠢ ᠳᠠᠮᠵᠢᠭᠤᠯᠵᠠᠶ᠃       ᠪᠡᠭᠡᠵᠢᠩ ᠬᠤᠲᠠ ᠶᠢᠨ ᠠᠷᠠᠳ ᠳᠢᠩ ᠠᠪᠠᠭ᠋ᠠᠢ ᠬᠡᠯᠡᠭᠰᠡᠨ ᠨᠢ᠄ ︽ᠲᠣᠭᠯᠠᠯᠲᠠ ᠲᠤᠩ ᠭᠠᠶᠢᠬᠠᠰᠢ ᠠᠯᠳᠠᠵᠠᠢ︕︾ ᠭᠡᠵᠡᠢ᠃ ᠨᠢᠳᠤᠨᠤᠨ ᠤ 8 ᠰᠠᠷ᠎ᠠ ᠳᠤ ᠪᠢ ᠲᠣᠭᠯᠠᠯᠲᠠ ᠦᠵᠡᠬᠦ ᠪᠠᠷ ᠢᠷᠡᠵᠦ᠂ ᠡᠨᠡ ᠵᠢᠯ ᠮᠠᠨ ᠤ ᠤᠯᠠᠭᠠᠨᠮᠥ᠋ᠴᠢᠷ ᠪᠠᠰᠠ ᠢᠷᠡᠪᠡ᠂ ᠪᠢ ᠪᠠᠰᠠ ᠣᠨᠴᠠᠭᠠᠶᠢᠯᠠᠨ ᠵᠠᠰᠠᠵᠤ ᠴᠢᠮᠡᠭᠯᠡᠭᠰᠡᠨ ᠶᠤᠮ᠃ ᠦᠨᠡᠬᠡᠷ ᠬᠥᠮᠦᠨ ᠢ ᠶᠡᠬᠡᠳᠡ ᠳᠣᠭᠳᠣᠯᠤᠭᠤᠯᠤᠨ᠎ᠠ᠂ ᠨᠡᠪᠲᠡᠷᠡᠭᠦᠯᠭᠡ ᠨᠢ ᠪᠢᠳᠡᠨ ᠢ ᠲᠠᠯ᠎ᠠ ᠨᠤᠲᠤᠭ ᠲᠤ ᠲᠠᠯᠪᠢᠵᠤ ᠪᠠᠶᠢᠭ᠎ᠠ ᠰᠢᠭ᠋ ᠲᠡᠶᠢᠮᠦ ᠥᠷᠭᠡᠨ ᠠᠭᠤᠳᠠᠮ ᠥᠷᠭᠡᠨ ᠠᠭᠤᠳᠠᠮ ᠪᠠᠶᠢᠵᠤ᠂ ᠬᠥᠮᠦᠰ ᠤᠨ ᠬᠦᠰᠡᠯ ᠡᠷᠡᠮᠡᠯᠵᠡᠯ ᠢ ᠲᠠᠲᠠᠵᠤ ᠪᠠᠶᠢᠭ᠎ᠠ ᠰᠢᠭ᠋ ᠰᠠᠨᠠᠭᠳᠠᠨ᠎ᠠ᠃︾       ᠲᠣᠰ ᠤᠳᠠᠭᠠᠨ ᠤ ᠲᠣᠭᠯᠠᠯᠲᠠ ᠨᠢ ᠨᠢᠭᠡ ᠤᠳᠠᠭᠠᠨ ᠤ ᠦᠨᠳᠦᠰᠦᠲᠡᠨ ᠤ ᠤᠷᠠᠯᠢᠭ ᠤᠨ ᠭᠤᠶᠢᠳᠠ ᠰᠠᠶᠢᠬᠠᠨ ᠢᠯᠡᠷᠡᠯ ᠪᠣᠯᠬᠤ ᠪᠠᠷ ᠪᠠᠷᠠᠬᠤ ᠥᠬᠡᠶ᠂ ᠨᠠᠩ ᠴᠤ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠤᠯᠠᠮᠵᠢᠯᠠᠬᠤ ᠪᠠ ᠬᠥᠭᠵᠢᠭᠦᠯᠬᠦ ᠶᠢᠨ ᠠᠮᠢᠳᠤᠯᠢᠭ ᠢᠯᠡᠷᠡᠯ ᠪᠣᠯᠤᠨ᠎ᠠ᠃ ᠤᠯᠠᠭᠠᠨᠮᠦ᠋ᠴᠢᠷ ᠤᠨ ᠡᠨᠡ ᠬᠦ ︽ᠬᠤᠪᠢᠰᠬᠠᠯᠳᠦ ᠤᠳᠬ᠎ᠠ ᠤᠷᠠᠯᠢᠭ ᠤᠨ ᠬᠦᠡᠭᠭᠡᠨ ᠮᠤᠷᠢᠳᠦ ᠴᠡᠷᠢᠭ︾ ᠨᠢ ᠬᠤᠶᠠᠷ ᠤᠳᠠᠭ᠎ᠠ ᠦᠨᠳᠦᠰᠦᠳᠡᠨ ᠤ ᠰᠤᠶᠤᠯ ᠤᠨ ᠤᠷᠳᠤᠨ ᠤ ᠲᠠᠪᠴᠠᠩ ᠳᠤ ᠭᠠᠷᠴᠤ᠂ ᠨᠢᠭᠡ ᠤᠳᠠᠭ᠎ᠠ ᠲᠤᠭᠯᠠᠬᠤ ᠪᠠᠷ ᠲᠠᠮᠵᠢᠨ ᠦᠨᠳᠦᠰᠦᠳᠡᠨ ᠤ ᠰᠢᠯᠢᠳᠡᠭ ᠰᠤᠶᠤᠯ ᠪᠤᠯᠤᠨ ᠨᠠᠮ ᠤᠨ ᠬᠠᠶᠢᠷ᠎ᠠ ᠬᠠᠯᠠᠮᠵᠢ ᠶᠢ ᠨᠡᠶᠢᠰᠯᠡᠯ ᠪᠡᠭᠡᠵᠢᠩ ᠳᠤ ᠲᠠᠮᠵᠢᠭᠤᠯᠵᠤ᠂ ᠦᠨᠳᠦᠰᠦᠳᠡᠨ ᠤ ᠤᠳᠬ᠎ᠠ ᠤᠷᠠᠯᠢᠭ ᠢ ᠴᠡᠴᠡᠭᠯᠡᠬᠦᠯᠬᠦ᠂ ᠰᠤᠶᠤᠯ ᠤᠨ ᠰᠤᠯᠢᠯᠴᠠᠭ᠎ᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠬᠦᠯᠦᠭᠰᠡᠨ ᠪᠦᠭᠡᠳ ᠨᠡᠩ ᠤᠯᠠᠨ ᠬᠦᠮᠦᠨ ᠳᠤ ᠲᠠᠯ᠎ᠠ ᠨᠤᠳᠤᠭ ᠤᠨ ᠰᠤᠶᠤᠯ ᠤᠨ ᠦᠪᠡᠷᠮᠢᠴᠡ ᠷᠢᠳᠢ ᠰᠢᠳᠢ ᠪᠤᠯᠤᠨ ᠴᠠᠭ ᠦᠶ᠎ᠡ ᠶᠢᠨ ᠠᠮᠢᠵᠢᠷᠠᠯ ᠤᠨ ᠬᠦᠴᠦᠨ ᠢ ᠮᠡᠳᠡᠷᠡᠭᠦᠯᠦᠭᠰᠡᠨ ᠪᠠᠶᠢᠨ᠎ᠠ᠃      
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号