【 ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠶᠠᠪᠤᠭᠳᠠᠵᠤ ᠪᠠᠶᠢᠭ᠎ᠠ ᠴᠠᠭ 】 ᠡᠮᠦᠨ᠎ᠡ 4 ᠰᠠᠷ᠎ᠠ ᠳᠤ ᠡᠷᠢᠶᠡᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ 698.2 ᠲᠦᠮᠡᠨ ᠲᠣᠨ ᠪᠡᠶᠡᠯᠡᠭᠦᠯᠪᠡ
ᠨᠡᠶᠢᠲᠡᠯᠡᠭᠰᠡᠨ ᠴᠠᠭ᠄
2025/5/12
 
    ᠡᠨᠡ ᠵᠢᠯ ᠠᠴᠠ ᠨᠠᠰᠢ᠂ ᠮᠠᠨ ᠤ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠰᠠᠷ᠎ᠠ ᠰᠠᠷ᠎ᠠ ᠰᠠᠶᠢᠵᠢᠷᠠᠬᠤ ᠬᠠᠨᠳᠤᠰᠢ ᠲᠠᠢ ᠪᠣᠯᠵᠤ᠂ ᠪᠣᠭᠤᠮᠲᠠ ᠶᠢᠨ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠴᠢᠩᠭ᠎ᠠ ᠪᠣᠯᠵᠤ᠂ ᠡᠯ᠎ᠡ ᠵᠦᠢᠯ ᠤᠨ ᠠᠷᠠᠯᠵᠢᠶᠠᠨ ᠤ ᠲᠤᠭ᠎ᠠ ᠪᠠᠷᠢᠮᠲᠠ ︽ᠰᠠᠷ᠎ᠠ ᠰᠠᠷ᠎ᠠ ᠤᠯᠠᠶᠢᠬᠤ︾ ᠪᠠᠶᠢᠳᠠᠯ ᠢᠶᠠᠨ ᠦᠷᠭᠦᠯᠵᠢᠯᠡᠭᠦᠯᠵᠦ ᠪᠠᠶᠢᠨ᠎ᠠ᠃       ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︵ᠪᠣᠭᠤᠮᠲᠠ ᠶᠢᠨ ᠠᠯᠪᠠᠨ ᠬᠡᠷ︶ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠤ 4 ᠰᠠᠷ᠎ᠠ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 698.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠪᠡ᠃ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ ᠨᠢ 519.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.9% ᠪᠠᠷ ᠨᠡᠮᠡᠭᠳᠡᠪᠡ︔ ᠭᠠᠳᠠᠭᠠᠳᠤ ᠳᠤ ᠭᠠᠷᠭᠠᠭᠰᠠᠨ ᠬᠡᠮᠵᠢᠶ᠎ᠡ ᠨᠢ 178.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.7% ᠪᠠᠷ ᠨᠡᠮᠡᠭᠳᠡᠪᠡ᠃ ᠭᠠᠳᠠᠭᠠᠳᠤ ᠠᠴᠠ ᠣᠷᠣᠭᠤᠯᠬᠤ ᠪᠠᠷᠠᠭ᠎ᠠ ᠳᠤ ᠭᠤᠤᠯᠳᠠᠭᠤ ᠶᠡᠭᠡ ᠬᠡᠮᠵᠢᠶᠡᠨ ᠤ ᠡᠬᠢ ᠪᠠᠶᠠᠯᠢᠭ ᠤᠨ ᠴᠢᠨᠠᠷᠲᠠᠶ ᠲᠠᠸᠠᠷ ᠪᠣᠯᠬᠤ ᠪᠥᠭᠡᠳ ᠭᠠᠳᠠᠭᠠᠳᠤ ᠳᠤ ᠭᠠᠷᠭᠠᠬᠤ ᠪᠠᠷᠠᠭ᠎ᠠ ᠳᠤ ᠤᠯᠤᠰ ᠲᠠᠭᠠᠨ ᠦᠢᠯᠡᠳᠪᠦᠷᠢᠯᠡᠭᠰᠡᠨ ᠮᠠᠰᠢᠨ ᠲᠡᠷᠭᠡ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠮᠠᠲ᠋ᠧᠷᠢᠶᠠᠯ᠂ ᠡᠳᠦᠷ ᠲᠤᠲᠤᠮ ᠤᠨ ᠬᠡᠷᠡᠭᠯᠡᠭᠡᠨ ᠤ ᠪᠦᠷᠢᠨ ᠪᠠᠷᠠᠭ᠎ᠠ ᠵᠢᠴᠢ ᠭᠠᠷ ᠳᠠᠮᠵᠢᠭᠰᠠᠨ ᠮᠠᠰᠢᠨ ᠲᠡᠷᠭᠡ᠂ ᠵᠢᠮᠢᠰ ᠨᠣᠭᠤᠭ᠎ᠠ ᠵᠡᠷᠭᠡ ᠪᠠᠭᠲᠠᠨ᠎ᠠ᠃        ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠶᠢᠨ ᠥᠨᠳᠥᠷ ᠪᠦᠲᠦᠮᠵᠢᠲᠡᠶ ᠪᠥᠭᠡᠳ ᠰᠠᠭᠠᠳ ᠥᠬᠡᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠡᠷᠢᠶᠡᠨ ᠪᠣᠭᠤᠮᠲᠠ ᠶᠢᠨ ᠬᠤᠳᠠᠯᠳᠤᠭᠠᠨ ᠤ ᠶᠠᠪᠤᠳᠠᠯ᠂ ᠬᠢᠯᠢ ᠶᠢᠨ ᠪᠠᠶᠢᠴᠠᠭᠠᠯᠲᠠ᠂ ᠲᠡᠮᠦᠷ ᠵᠠᠮ᠂ ᠪᠣᠭᠤᠮᠲᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠪᠠᠶᠢᠴᠠᠭᠠᠨ ᠰᠢᠯᠭᠠᠬᠤ ᠲᠥᠰᠦᠯ ᠢᠶᠠᠨ ᠬᠠᠷᠢᠯᠴᠠᠨ ᠰᠢᠯᠢᠳᠡᠭᠵᠢᠭᠦᠯᠵᠦ᠂ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠪᠣᠭᠤᠮᠲᠠ ᠪᠠᠷ ᠥᠩᠭᠡᠷᠡᠬᠦ ᠬᠠᠮᠲᠤᠷᠠᠯᠴᠠᠭ᠎ᠠ᠂ ᠤᠶᠤᠨᠲᠤ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠵᠡᠷᠭᠡ ᠬᠦᠷᠢᠶᠡᠨ ᠳᠤ ᠦᠷᠭᠦᠯᠵᠢᠯᠡᠨ ᠬᠦᠴᠦᠯᠡᠵᠦ᠂ ᠪᠣᠭᠤᠮᠲᠠ᠂ ᠬᠢᠯᠢ ᠶᠢᠨ ᠪᠠᠶᠢᠴᠠᠭᠠᠯᠲᠠ ᠶᠢᠨ ︽ᠨᠢᠭᠡ ᠥᠷᠲᠡᠭᠡᠨ ᠤ ᠮᠠᠶ᠋ᠢᠭ︾ ᠤᠨ ᠬᠤᠯᠪᠣᠭᠠᠯᠠᠨ ᠪᠠᠶᠢᠴᠠᠭᠠᠨ ᠰᠢᠯᠭᠠᠬᠤ ᠵᠠᠭᠪᠤᠷ ᠤᠨ ᠰᠢᠨ᠎ᠡ ᠶᠢ ᠡᠭᠦᠳᠴᠦ᠂ ᠪᠣᠭᠤᠮᠲᠠ ᠪᠠᠷ ᠥᠩᠭᠡᠷᠡᠬᠦ ᠰᠢᠯᠭᠠᠨ ᠪᠠᠶᠢᠴᠠᠭᠠᠵᠤ ᠶᠠᠪᠤᠭᠤᠯᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠪᠡ᠃ ᠤᠷᠢᠳᠴᠢᠯᠠᠨ ᠪᠣᠯᠵᠣᠵᠤ ᠪᠣᠭᠤᠮᠲᠠ ᠪᠠᠷ ᠥᠩᠭᠡᠷᠡᠭᠦᠯᠬᠦ᠂ ᠳᠠᠩ ᠭᠠᠭᠴᠠ ᠴᠣᠩᠬᠤᠪᠴᠢ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠠᠵᠤ ᠠᠬᠤᠶᠢᠯᠠᠯ ᠳᠤ ᠨᠠᠩ ᠣᠯᠠᠨ ᠠᠰᠢᠭ ᠬᠦᠷᠲᠡᠭᠡᠬᠦ ᠶᠢ ᠠᠬᠢᠭᠤᠯᠵᠤ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ᠂ ᠭᠠᠶᠢᠯᠢ ᠰᠦᠢᠳᠬᠡᠯ ᠲᠠᠲᠠᠪᠤᠷᠢᠯᠠᠨ ᠬᠠᠮᠢᠶᠠᠷᠬᠤ᠂ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠵᠡᠷᠭᠡ ᠲᠠᠯ᠎ᠠ ᠪᠠᠷ ᠠᠵᠤ ᠠᠬᠤᠶᠢᠯᠠᠯ ᠳᠤ ᠲᠥᠬᠦᠮ ᠦᠵᠡᠭᠦᠯᠬᠦ ᠠᠰᠢᠭ ᠲᠤᠰᠠ ᠶᠢ ᠪᠠᠳᠠᠷᠠᠭᠤᠯᠵᠤ᠂ ᠭᠠᠳᠠᠭᠠᠳᠤ ᠠᠷᠠᠯᠵᠢᠶᠠᠨ ᠤ ᠭᠤᠤᠯ ᠴᠣᠭᠴᠠ ᠶᠢᠨ ᠬᠤᠳᠠᠯᠳᠤᠭ᠎ᠠ ᠡᠷᠭᠢᠯᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠪᠣᠭᠤᠮᠲᠠ ᠪᠠᠷ ᠥᠩᠭᠡᠷᠡᠬᠦ ᠶᠢ ︽ᠶᠡᠭᠡ ᠪᠠᠷ ᠣᠷᠣᠭᠤᠯᠵᠤ ᠶᠡᠭᠡ ᠪᠠᠷ ᠭᠠᠷᠭᠠᠵᠤ᠂ ᠲᠦᠷᠭᠡᠨ ᠣᠷᠣᠭᠤᠯᠵᠤ ᠲᠦᠷᠭᠡᠨ ᠭᠠᠷᠭᠠᠬᠤ︾ ᠶᠢ ᠠᠬᠢᠭᠤᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号