2025 ᠣᠨ ᠤ 3 ᠰᠠᠷ᠎ᠠ ᠳᠤ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2025/5/12
    3 ᠰᠠᠷ᠎ᠠ ᠶᠢᠨ ᠰᠡᠭᠦᠯᠴᠢ᠂ ᠬᠠᠷᠢᠶᠠᠲᠤ ᠣᠷᠣᠨ ᠤ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠰ ᠭᠠᠳᠠᠭᠠᠳᠤ ᠶᠢᠨ ᠵᠣᠭᠤᠰ ᠤᠨ ᠦᠯᠡᠳᠡᠪᠦᠷᠢ 154.95 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 4.93 ᠳ᠋ᠦᠩᠰᠢᠭᠤᠷ ᠲᠥᠭᠦᠷᠢᠭ ᠨᠡᠮᠡᠭᠳᠡᠵᠦ᠂ 3.29% ᠨᠡᠮᠡᠭᠳᠡᠪᠡ︔ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 9.79 ᠳ᠋ᠦᠩᠰᠢᠭᠤᠷ ᠲᠥᠭᠦᠷᠢᠭ ᠨᠡᠮᠡᠭᠳᠡᠵᠦ᠂ 6.74% ᠨᠡᠮᠡᠭᠳᠡᠪᠡ᠃ ᠭᠠᠳᠠᠭᠠᠳᠤ ᠶᠢᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ 106.3 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 2.63 ᠳ᠋ᠦᠩᠰᠢᠭᠤᠷ ᠲᠥᠭᠦᠷᠢᠭ ᠨᠡᠮᠡᠭᠳᠡᠵᠦ᠂ 2.54% ᠪᠠᠷ ᠨᠡᠮᠡᠭᠳᠡᠪᠡ︔ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 7.04 ᠳ᠋ᠦᠩᠰᠢᠭᠤᠷ ᠲᠥᠭᠦᠷᠢᠭ ᠨᠡᠮᠡᠭᠳᠡᠵᠦ᠂ 7.1% ᠪᠠᠷ ᠨᠡᠮᠡᠭᠳᠡᠪᠡ᠃      2025 ᠣᠨ ᠤ ᠨᠢᠭᠡᠳᠦᠭᠡᠷ ᠤᠯᠠᠷᠢᠯ ᠳᠤ᠂ ᠠᠵᠤ ᠠᠬᠤᠶᠢᠯᠠᠯ ᠤᠨ ᠵᠢᠭᠡᠯᠡᠯᠭᠡ ᠶᠢ ᠨᠡᠶᠢᠲᠡ 12.24 ᠳ᠋ᠦᠩᠰᠢᠭᠤᠷ ᠲᠥᠭᠦᠷᠢᠭ ᠲᠠᠯᠪᠢᠵᠤ᠂ ᠲᠣᠰ ᠭᠠᠳᠠᠭᠠᠳᠤ ᠶᠢᠨ ᠵᠣᠭᠤᠰ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 86.59 ᠳ᠋ᠦᠩᠰᠢᠭᠤᠷ ᠲᠥᠭᠦᠷᠢᠭ ᠪᠠᠶᠢᠵᠤ᠂ ᠡᠯ᠎ᠡ ᠵᠦᠢᠯ ᠤᠨ ᠵᠢᠭᠡᠯᠡᠯᠭᠡ ᠶᠢᠨ 81.46% ᠶᠢ ᠡᠵᠡᠯᠡᠪᠡ︔ ᠡᠭᠦᠨ ᠳᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 53.41 ᠳ᠋ᠦᠩᠰᠢᠭᠤᠷ ᠲᠥᠭᠦᠷᠢᠭ ᠲᠤ ᠬᠦᠷᠴᠦ᠂ ᠡᠯ᠎ᠡ ᠵᠦᠢᠯ ᠤᠨ ᠵᠢᠭᠡᠯᠡᠯᠭᠡ ᠶᠢᠨ 50.24% ᠶᠢ ᠡᠵᠡᠯᠡᠪᠡ᠃      2025 ᠣᠨ ᠤ ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠳᠠᠭᠠᠳᠬᠠᠯ ᠤᠨ ᠪᠠᠶᠢᠭᠤᠯᠤᠮᠵᠢ ᠣᠭ ᠳᠠᠭᠠᠳᠬᠠᠯ ᠤᠨ ᠣᠷᠣᠯᠭ᠎ᠠ ᠨᠢ ᠨᠡᠶᠢᠲᠡ 0.77 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.16% ᠪᠠᠷ ᠪᠠᠭᠤᠷᠠᠪᠠ︔ ᠳᠠᠭᠠᠳᠬᠠᠯ ᠤᠨ ᠲᠥᠯᠥᠪᠦᠷᠢ ᠥᠭᠬᠦ ᠵᠠᠷᠤᠯᠭ᠎ᠠ ᠨᠡᠶᠢᠲᠡ 0.25 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.11% ᠪᠠᠷ ᠨᠡᠮᠡᠭᠳᠡᠪᠡ᠃ ᠾᠧᠩ ᠲᠠᠢ ᠦᠨᠡᠲᠦ ᠲᠡᠮᠳᠡᠭᠲᠦ ᠶᠢᠨ ᠡᠷᠢᠶᠡᠨ ᠬᠤᠳᠠ ᠳᠠᠬᠢ ᠡᠵᠡᠩᠨᠡᠯᠲᠡ ᠶᠢᠨ ᠭᠠᠵᠠᠷ ᠤᠨ ᠡᠷᠦᠬᠡ ᠨᠡᠭᠡᠭᠡᠭᠰᠡᠨ ᠲᠤᠭ᠎ᠠ ᠨᠠᠶᠢᠳᠠ 7806 ᠡᠷᠦᠬᠡ᠂ 2025 ᠣᠨ ᠤ ᠨᠢᠭᠡᠳᠦᠭᠡᠷ ᠤᠯᠠᠷᠢᠯ ᠳᠤ ᠨᠠᠶᠢᠳᠠ 11.74  ᠳ᠋ᠦᠩᠰᠢᠭᠤᠷ ᠲᠥᠭᠦᠷᠢᠭ ᠬᠦᠷᠴᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号