ᠡᠷᠢᠶᠡᠨ ᠬᠤᠲᠠ 2025 ᠣᠨ ᠤ 1 - 3 ᠰᠠᠷ᠎ᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ︽ᠰᠠᠶᠢᠨ ᠡᠬᠢᠯᠡᠯᠲᠡ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/5/12
       ᠨᠢᠭᠡᠳᠦᠭᠡᠷ ᠤᠯᠠᠷᠢᠯ ᠳᠤ᠂ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠦᠷᠭᠡᠨ ᠨᠡᠮᠡᠭᠳᠡᠵᠦ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠨᠡᠯᠢᠶᠡᠳ ᠰᠠᠶᠢᠨ ᠪᠠᠶᠢᠵᠤ᠂ 20 ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ 15 ᠡᠷᠦᠬᠡ ᠠᠵᠢᠯ ᠢᠶᠠᠨ ᠰᠡᠷᠭᠦᠭᠡᠵᠦ᠂ ᠠᠵᠢᠯ ᠢᠶᠠᠨ ᠰᠡᠷᠭᠦᠭᠡᠭᠰᠡᠨ ᠨᠣᠷᠮ᠎ᠠ ᠨᠢ 75.0% ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠲᠣᠰ ᠲᠣᠰ 102.0%᠂ 110.0% ᠪᠠᠶᠢᠵᠤ᠂ ᠨᠡᠮᠡᠭᠳᠡᠯ ᠤᠨ ᠬᠤᠷᠳᠤᠴᠠ ᠨᠢ ᠴᠥᠮ ᠪᠦᠬᠦ ᠠᠶᠢᠮᠠᠭ ᠤᠨ ᠨᠢᠭᠡᠳᠦᠭᠡᠷ ᠲᠤ ᠣᠷᠣᠵᠤ᠂ ᠭᠤᠣᠯ ᠠᠵᠢᠯᠯᠠᠭᠠᠨ ᠤ ᠣᠨᠴᠠᠯᠢᠭ ᠨᠢ ᠳᠣᠣᠷᠠᠬᠢ ᠮᠡᠲᠦ᠄        ᠨᠢᠭᠡ᠂ ᠴᠠᠬᠢᠯᠭᠠᠨ ᠬᠦᠴᠦᠨ ᠤ ᠦᠢᠯᠡᠳᠪᠦᠷᠢᠯᠡᠯ ᠤᠨ ᠨᠡᠮᠡᠭᠳᠡᠯ ᠤᠨ ᠬᠡᠮᠵᠢᠶ᠎ᠡ ᠢᠯᠡᠳᠲᠡ ᠪᠠᠶᠢᠬᠤ ᠨᠢᠭᠡᠳᠦᠭᠡᠷ ᠤᠯᠠᠷᠢᠯ ᠳᠤ᠂ ᠰᠠᠯᠬᠢᠨ ᠬᠦᠴᠦᠨ ᠤ ᠴᠠᠬᠢᠯᠭᠠᠨ ᠤ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 109.55% ᠪᠠᠷ ᠨᠡᠮᠡᠭᠳᠡᠪᠡ᠂ ᠡᠭᠦᠨ ᠳᠤ᠄ ᠰᠠᠯᠬᠢᠨ ᠬᠦᠴᠦᠨ ᠤ ᠴᠠᠬᠢᠯᠭᠠᠨ ᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 159.42% ᠪᠠᠷ ᠨᠡᠮᠡᠭᠳᠡᠵᠦ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠬᠡᠮᠵᠢᠶ᠎ᠡ 14185.25 ᠲᠦᠮᠡᠨ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 106.94% ᠪᠠᠷ ᠨᠡᠮᠡᠭᠳᠡᠪᠡ᠃        ᠬᠤᠶᠠᠷ᠂ ᠢᠯᠴᠢ ᠶᠢᠨ ᠬᠦᠴᠦᠨ ᠤ ᠦᠢᠯᠡᠳᠪᠦᠷᠢᠯᠡᠯ ᠵᠢᠴᠢ ᠬᠠᠩᠭᠠᠯᠭ᠎ᠠ ᠲᠣᠭᠲᠠᠭᠤᠨ ᠠᠵᠢᠯᠯᠠᠭᠠᠨ ᠲᠠᠢ ᠪᠠᠶᠢᠬᠤ ᠬᠡᠷᠡᠭᠲᠡᠶ᠃ ᠨᠢᠭᠡᠳᠦᠭᠡᠷ ᠤᠯᠠᠷᠢᠯ ᠳᠤ᠂ ᠢᠯᠴᠢ ᠶᠢᠨ ᠬᠦᠴᠦᠨ ᠤ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 7.14% ᠪᠠᠷ ᠨᠡᠮᠡᠭᠳᠡᠵᠦ᠂ ᠢᠯᠴᠢ ᠬᠠᠩᠭᠠᠬᠤ ᠬᠡᠮᠵᠢᠶ᠎ᠡ 159.82 ᠲᠦᠮᠡᠨ ᠵᠢᠶ ᠵᠢᠶᠤᠤ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 15.24% ᠪᠠᠷ ᠨᠡᠮᠡᠭᠳᠡᠪᠡ᠃       ᠭᠤᠷᠪᠠ᠂ ᠲᠡᠮᠦᠷ ᠤᠨ ᠠᠭᠤᠷᠬᠠᠢ ᠶᠢᠨ ᠬᠦᠳᠡᠷ ᠰᠢᠯᠢᠬᠦ ᠠᠵᠢᠯ ᠢ ᠬᠦᠴᠦᠲᠡᠶ ᠲᠠᠶᠢᠴᠢᠯᠠᠪᠠ᠃ ᠨᠢᠭᠡᠳᠦᠭᠡᠷ ᠤᠯᠠᠷᠢᠯ ᠳᠤ᠂ ᠲᠡᠮᠦᠷ ᠤᠨ ᠬᠦᠳᠡᠷ ᠪᠣᠯᠪᠠᠰᠤᠷᠠᠭᠤᠯᠬᠤ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 157.62% ᠢᠶᠠᠷ ᠨᠡᠮᠡᠭᠳᠡᠪᠡ᠂ ᠡᠭᠦᠨ ᠳᠤ᠄ ᠪᠥᠮᠪᠥᠭᠡᠯᠢᠭ ᠪᠦᠯᠦᠭᠯᠡᠯ 9.64 ᠲᠦᠮᠡᠨ ᠲᠣᠨ ᠳᠤ ᠬᠦᠷᠴᠦ᠂ ᠴᠡᠪᠡᠷ ᠨᠡᠮᠡᠭᠳᠡᠯ ᠢ ᠪᠡᠶᠡᠯᠡᠭᠦᠯᠪᠡ︔ ᠲᠡᠮᠦᠷ ᠤᠨ ᠨᠠᠷᠢᠨ ᠨᠤᠨᠲᠠᠭ 57.65 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 77.55% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ 79.98 ᠵᠠᠭᠤᠨ ᠤ ᠨᠢᠭᠡᠴᠢ ᠨᠡᠮᠡᠭᠳᠡᠬᠦ ᠶᠢ ᠲᠠᠶᠢᠴᠢᠯᠠᠪᠠ᠃       ᠳᠥᠷᠪᠡ᠂ ᠠᠮᠤ ᠲᠣᠰᠣ ᠪᠣᠯᠪᠠᠰᠤᠷᠠᠭᠤᠯᠬᠤ ᠠᠵᠢᠯ ᠶᠡᠭᠡ ᠪᠠᠷ ᠨᠡᠮᠡᠭᠳᠡᠪᠡ᠃ ᠨᠢᠭᠡᠳᠦᠭᠡᠷ ᠤᠯᠠᠷᠢᠯ ᠳᠤ᠂ ᠠᠮᠤ ᠲᠣᠰᠣ ᠡᠳ᠋ᠰᠢᠭᠦᠯᠬᠦ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠶᠡᠷᠦᠩᠬᠡᠶ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 46.97% ᠪᠠᠷ ᠨᠡᠮᠡᠭᠳᠡᠵᠦ᠂ ᠨᠠᠷᠢᠯᠢᠭ ᠪᠣᠯᠪᠠᠰᠤᠷᠠᠭᠤᠯᠤᠭᠰᠠᠨ ᠢᠳᠡᠭᠡᠨ ᠤ ᠤᠷᠭᠤᠮᠠᠯ ᠤᠨ ᠲᠣᠰᠣ 4486.69 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 51.61 % ᠪᠠᠷ ᠨᠡᠮᠡᠭᠳᠡᠪᠡ︔ ᠡᠳ᠋ᠰᠢᠭᠦᠯᠦᠭᠰᠡᠨ ᠲᠡᠵᠢᠭᠡᠯ ᠪᠣᠷᠳᠤᠭ᠎ᠠ 8896.1 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 50.50% ᠪᠠᠷ ᠨᠡᠮᠡᠭᠳᠡᠵᠦ᠂ ᠭᠤᠤᠯ ᠰᠢᠯᠲᠠᠭᠠᠨ ᠨᠢ ᠡᠨᠡ ᠵᠢᠯ ᠰᠢᠨ᠎ᠡ ᠪᠠᠷ 1 ᠡᠷᠦᠬᠡ ᠪᠤᠵᠠᠭᠠᠶᠢᠷᠠᠵᠤ᠂ ᠬᠥᠮᠥᠷᠭᠡ ᠳᠤ ᠣᠷᠣᠭᠤᠯᠤᠭᠰᠠᠨ ᠠᠮᠤ ᠲᠣᠰᠣᠨ ᠤ ᠠᠵᠤ ᠠᠬᠤᠶᠢᠯᠠᠯ ᠢ ᠪᠤᠵᠠᠭᠠᠶᠢᠷᠠᠭᠤᠯᠪᠠ᠃       ᠲᠠᠪᠤ᠂ ᠮᠢᠬᠠᠨ ᠤ ᠵᠦᠢᠯ ᠢ ᠡᠳ᠋ᠰᠢᠭᠦᠯᠬᠦ ᠪᠠ ᠱᠦᠢᠨᠢ ᠶᠢᠨ ᠦᠢᠯᠡᠳᠪᠦᠷᠢᠯᠡᠯ ᠤᠨ ᠴᠡᠪᠡᠷ ᠨᠡᠮᠡᠭᠳᠡᠯ ᠢ ᠪᠡᠶᠡᠯᠡᠭᠦᠯᠬᠦ ᠬᠡᠷᠡᠭᠲᠡᠶ᠃ ᠨᠢᠭᠡᠳᠦᠭᠡᠷ ᠤᠯᠠᠷᠢᠯ ᠳᠤ᠂ ᠮᠢᠬᠠᠨ ᠤ ᠲᠦᠷᠦᠯ ᠪᠤᠯᠪᠠᠰᠤᠷᠠᠭᠤᠯᠬᠤ ᠠᠵᠤ ᠠᠬᠤᠶᠢᠯᠠᠯ 681.1 ᠲᠤᠨ ᠬᠦᠯᠳᠡᠭᠡᠭᠰᠡᠨ ᠮᠢᠬ᠎ᠠ ᠪᠤᠯᠪᠠᠰᠤᠷᠠᠭᠤᠯᠪᠠ᠃       ᠵᠢᠷᠭᠤᠭ᠎ᠠ᠂ 5 ᠠᠵᠤ ᠠᠬᠤᠶᠢᠯᠠᠯ ᠦᠢᠯᠡᠳᠪᠦᠷᠢᠯᠡᠭᠰᠡᠨ ᠦᠭᠡᠢ᠃ 3 ᠴᠡᠯᠮᠡᠨ ᠪᠣᠯᠪᠠᠰᠤᠷᠠᠭᠤᠯᠬᠤ ᠠᠵᠤ ᠠᠬᠤᠶᠢᠯᠠᠯ ᠤᠯᠠᠷᠢᠯ ᠤᠨ ᠴᠢᠨᠠᠷᠲᠠᠶ ᠦᠢᠯᠡᠳᠪᠦᠷᠢᠯᠡᠯ ᠤᠨ ᠡᠯᠧᠮᠧᠨ᠋ᠲ ᠤᠨ ᠨᠥᠯᠥᠭᠡ ᠠᠴᠠ ᠠᠵᠢᠯ ᠢᠶᠠᠨ ᠡᠬᠢᠯᠡᠭᠦᠯᠦᠭᠰᠡᠨ ᠦᠭᠡᠢ︔ 1 ᠠᠮᠤ ᠪᠤᠳᠠᠭ᠎ᠠ ᠲᠣᠰᠣᠨ ᠤ ᠠᠵᠤ ᠠᠬᠤᠶᠢᠯᠠᠯ ᠲᠦᠭᠦᠬᠡᠶ ᠮᠠᠲ᠋ᠧᠷᠢᠶᠠᠯ ᠬᠦᠷᠦᠯᠴᠡᠬᠦ ᠦᠭᠡᠢ ᠠᠴᠠ ᠪᠣᠯᠵᠤ ᠦᠢᠯᠡᠳᠪᠦᠷᠢᠯᠡᠯ ᠢᠶᠠᠨ ᠵᠣᠭᠰᠣᠪᠠ︔ 1 ᠲᠡᠮᠦᠷ ᠤᠨ ᠬᠦᠳᠡᠷ ᠡᠳ᠋ᠰᠢᠭᠦᠯᠬᠦ ᠠᠵᠤ ᠠᠬᠤᠶᠢᠯᠠᠯ ᠡᠪᠦᠯ ᠤᠨ ᠤᠯᠠᠷᠢᠯ ᠤᠨ ᠠᠭᠤᠷ ᠠᠮᠢᠰᠬᠤᠯ ᠬᠠᠬᠢᠷ ᠬᠦᠢᠲᠡᠨ᠂ ᠴᠠᠭᠠᠨ ᠰᠠᠷ᠎ᠠ ᠶᠢᠨ ᠠᠮᠠᠷᠠᠯᠲᠠ ᠲᠠᠯᠪᠢᠬᠤ ᠵᠡᠷᠭᠡ ᠰᠢᠯᠲᠠᠭᠠᠨ ᠠᠴᠠ ᠪᠤᠯᠵᠤ ᠦᠢᠯᠡᠳᠪᠦᠷᠢᠯᠡᠯ ᠢᠶᠠᠨ ᠵᠣᠭᠰᠣᠭᠠᠭᠰᠠᠨ ᠦᠭᠡᠢ᠃        ᠶᠡᠷᠦᠩᠬᠡᠶ ᠳᠤᠨᠢ ᠠᠪᠴᠤ ᠦᠵᠡᠪᠡᠯ᠂ ᠨᠢᠭᠡᠳᠦᠭᠡᠷ ᠤᠯᠠᠷᠢᠯ ᠳᠤ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ︽ᠰᠠᠶᠢᠨ ᠡᠬᠢᠯᠡᠯᠲᠡ︾ ᠶᠢ ᠪᠡᠶᠡᠯᠡᠭᠦᠯᠵᠦ᠂ ᠪᠥᠬᠦ ᠵᠢᠯ ᠤᠨ ᠠᠵᠤ ᠠᠬᠤᠶ ᠶᠢᠨ ᠬᠥᠭᠵᠢᠯᠲᠡ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠨᠢᠭᠡ ᠳᠤ ᠠᠵᠤ ᠠᠬᠤᠶᠢᠯᠠᠯ ᠤᠨ ᠳᠡᠭᠡᠷ᠎ᠡ ᠱᠠᠲᠤᠨ ᠤ ᠬᠥᠮᠥᠷᠭᠡ ᠳᠤ ᠣᠷᠣᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠦᠢᠯᠡᠳᠪᠦᠷᠢ ᠶᠢᠨ ᠠᠵᠤ ᠠᠬᠤᠶ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠵᠤ᠂ ᠬᠢᠵᠠᠭᠠᠷ ᠳᠡᠭᠡᠷᠡᠬᠢ ᠪᠤᠶᠤ ᠳᠠᠯᠳᠠ ᠴᠢᠨᠠᠷ ᠤᠨ ᠲᠠᠯ᠎ᠠ ᠪᠠᠷ ᠲᠣᠭᠲᠠᠭᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠤᠨ ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠶᠠᠷ ᠲᠤ᠂ ᠠᠵᠤ ᠠᠬᠤᠶ ᠶᠢᠨ ᠠᠵᠢᠯᠯᠠᠭᠠᠨ ᠢ ᠬᠢᠨᠠᠨ ᠬᠡᠮᠵᠢᠬᠦ ᠪᠠ ᠰᠤᠳᠤᠯᠤᠨ ᠮᠠᠭᠠᠳᠯᠠᠵᠤ ᠵᠠᠳᠠᠯᠤᠯᠲᠠ ᠬᠢᠬᠦ ᠶᠢ ᠴᠢᠩᠭᠠᠳᠬᠠᠵᠤ᠂ ᠠᠵᠤ ᠠᠬᠤᠶ ᠶᠢᠨ ᠵᠦᠶ ᠵᠣᠬᠢᠰᠲᠠᠶ ᠣᠷᠣᠨ ᠵᠠᠶ ᠳᠤ ᠠᠵᠢᠯᠯᠠᠬᠤ ᠶᠢ ᠦᠨᠡᠨᠬᠦ ᠪᠠᠲᠤᠯᠠᠨ᠎ᠠ᠃ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠡᠯ᠎ᠡ ᠠᠵᠢᠯ ᠲᠦᠷᠦᠯ ᠤᠨ ᠠᠵᠢᠯᠯᠠᠭᠠᠨ ᠳᠤᠮᠳᠠ ᠢᠯᠡᠷᠡᠭᠰᠡᠨ ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠢ ᠪᠦᠬᠦ ᠲᠠᠯ᠎ᠠ ᠪᠠᠷ ᠬᠢᠨᠠᠨ ᠬᠡᠮᠵᠢᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠬᠥᠭᠵᠢᠯᠲᠡ ᠶᠢ ᠬᠥᠳᠡᠯᠦᠩᠭᠦᠢ ᠪᠠᠷ ᠬᠢᠨᠠᠨ ᠬᠡᠮᠵᠢᠵᠦ᠂ ᠣᠳᠣᠬᠠᠨ ᠤ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠶᠢ ᠣᠨᠣᠪᠴᠢᠲᠠᠢ ᠰᠤᠳᠤᠯᠤᠨ ᠮᠠᠭᠠᠳᠯᠠᠵᠤ᠂ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠵᠣᠬᠢᠰᠲᠠᠢ ᠣᠷᠣᠨ ᠵᠠᠢ ᠳᠤ ᠠᠵᠢᠯᠯᠠᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号