【 ᠪᠢ ᠣᠯᠠᠨ ᠲᠦᠮᠡᠨ ᠳᠤ ᠪᠣᠳᠠᠲᠠᠢ ᠠᠵᠢᠯ  ᠬᠢᠨ᠎ᠡ 】 ᠡᠮᠡᠭᠲᠡᠶᠢᠴᠦᠳ ᠢ ᠬᠠᠯᠠᠮᠵᠢᠯᠠᠨ ᠬᠠᠶᠢᠷᠠᠯᠠᠵᠤ ᠂ ᠡᠷᠡᠭᠦᠯ ᠮᠡᠨᠳᠦ ᠶᠢ ︽ᠬᠦᠬᠦᠨ ᠪᠣᠯᠴᠢᠷᠬᠠᠢ ᠶᠢᠨ ᠦᠮᠡᠨ ᠰᠠᠪᠠᠨ ᠬᠦᠵᠦᠭᠦᠨ ᠤ ᠥᠮᠡᠨ︾ ᠢ ᠪᠠᠶᠢᠴᠠᠭᠠᠬᠤ ᠠᠴᠠ ᠡᠬᠢᠯᠡᠨ᠎ᠡ
ᠨᠡᠶᠢᠲᠡᠯᠡᠭᠰᠡᠨ ᠴᠠᠭ᠄
2025/5/13
 
    5 ᠰᠠᠷ᠎ᠠ ᠶᠢᠨ 12 ᠤᠨ ᠡᠳᠦᠷ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠬᠠᠮᠲᠤᠷᠠᠨ 2025 ᠣᠨ ᠤ ᠰᠤᠷᠬᠤ ᠨᠠᠰᠤᠨ ᠤ ᠡᠮᠡᠭᠲᠡᠶᠢᠴᠦᠳ ᠤᠨ ︽ᠬᠤᠶᠠᠷ ᠥᠮᠡᠨ︾ ᠢ ᠦᠨ᠎ᠡ ᠲᠥᠯᠥᠪᠦᠷᠢ ᠦᠭᠡᠢ ᠪᠠᠷ ᠰᠢᠭᠰᠢᠨ ᠪᠠᠶᠢᠴᠠᠭᠠᠬᠤ ᠡᠬᠢᠯᠡᠯᠲᠡ ᠶᠢᠨ ᠶᠣᠰᠣᠯᠠᠯ ᠢ ᠥᠷᠨᠢᠭᠦᠯᠵᠦ᠂ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠬᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃       ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠪᠠᠶᠢᠴᠠᠭᠠᠬᠤ ᠪᠠᠷ ᠢᠷᠡᠭᠰᠡᠨ ᠵᠣᠬᠢᠬᠤ ᠨᠠᠰᠤᠨ ᠤ ᠡᠮᠡᠭᠲᠡᠶᠢᠴᠦᠳ ᠠᠵᠢᠯᠲᠠᠨ ᠤ ᠵᠢᠯᠣᠭᠤᠳᠣᠯᠭ᠎ᠠ ᠳᠣᠤᠷ᠎ᠠ᠂ ᠮᠥᠷᠯᠡᠵᠦ᠂ ᠳᠡᠩᠰᠡᠯᠡᠵᠦ᠂ ᠬᠦᠰᠦᠨᠦᠭ ᠲᠠᠭᠯᠠᠵᠤ᠂ ᠪᠠᠶᠢᠴᠠᠭᠠᠵᠤ᠂ ᠡᠮᠬᠢ ᠳᠢᠭᠯᠢᠮ ᠲᠠᠢ ᠪᠠᠶᠢᠯ᠎ᠠ᠃      ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯᠲᠠᠨ ᠪᠠ ᠡᠮᠨᠡᠯᠭᠡ ᠶᠢᠨ ᠠᠵᠢᠯᠲᠠᠳ ᠰᠠᠨᠠᠭᠠᠴᠢᠯᠠᠭ᠎ᠠ ᠠᠴᠠ ᠪᠠᠨ ᠪᠠᠶᠢᠴᠠᠭᠠᠯᠲᠠ ᠬᠦᠯᠢᠶᠡᠭᠰᠡᠨ ᠡᠮᠡᠭᠲᠡᠶᠢᠴᠦᠳ ᠲᠤ ︽ᠬᠤᠶᠠᠷ ᠥᠮᠡᠨ︾ ᠢ ᠦᠨ᠎ᠡ ᠲᠥᠯᠥᠪᠦᠷᠢ ᠦᠭᠡᠢ ᠪᠠᠷ ᠰᠢᠭᠰᠢᠨ ᠪᠠᠶᠢᠴᠠᠭᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠬᠠᠭᠤᠯᠵᠤ᠂ ᠬᠥᠬᠦᠨ ᠪᠤᠯᠴᠢᠷᠬᠠᠶ ᠶᠢᠨ ᠥᠮᠡᠨ᠂ ᠰᠠᠪᠠᠨ ᠤ ᠬᠦᠵᠦᠭᠦᠨ ᠤ ᠥᠮᠡᠨ ᠵᠢᠴᠢ ᠡᠮᠡᠭᠲᠡᠶ ᠶᠢᠨ ᠰᠠᠯᠠᠭᠠᠨ ᠳᠤ ᠪᠠᠶᠢᠩᠭᠤ ᠲᠣᠬᠢᠶᠠᠯᠳᠤᠳᠠᠭ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠡᠷᠡᠭᠦᠯᠵᠢᠯ ᠤᠨ ᠮᠡᠳᠡᠯᠭᠡ ᠶᠢ ᠲᠦᠭᠡᠮᠡᠯᠵᠢᠭᠦᠯᠦᠨ᠎ᠡ ᠃ ᠡᠮᠡᠭᠲᠡᠶᠢᠴᠦᠳ ᠤᠨ ᠳᠤᠷᠠᠳᠤᠭᠰᠠᠨ ᠡᠯ᠎ᠡ ᠵᠦᠢᠯ ᠤᠨ ᠡᠷᠡᠭᠦᠯ ᠮᠡᠨᠳᠦ ᠶᠢᠨ ᠠᠰᠠᠭᠤᠳᠠᠯ ᠳᠤ ᠬᠦᠯᠢᠴᠡᠩᠭᠦᠢ ᠪᠠᠷ ᠬᠠᠷᠢᠭᠤᠯᠲᠠ ᠥᠭᠴᠦ᠂ ᠲᠡᠳᠡᠨ ᠢ ᠬᠥᠲᠥᠯᠥᠨ ᠵᠢᠯᠣᠭᠤᠳᠴᠤ ᠪᠠᠶᠢᠭᠠᠳ ᠥᠪᠡᠷ ᠢ ᠪᠠᠨ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠪᠡ᠃       ᠣᠶᠢᠯᠠᠭᠠᠭᠰᠠᠨ ᠢᠶᠠᠷ᠂ ︽ᠬᠤᠶᠠᠷ ᠥᠮᠡᠨ︾ ᠤ ᠰᠢᠭᠰᠢᠨ ᠪᠠᠶᠢᠴᠠᠭᠠᠯᠲᠠ ᠨᠢ ᠬᠤᠲᠠ ᠶᠢᠨ ᠵᠠᠰᠠᠭ ᠤᠨ ᠣᠷᠳᠣᠨ ᠤ ᠨᠢᠭᠡ ᠵᠦᠢᠯ ᠤᠨ ᠭᠤᠤᠯ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠭᠰᠠᠨ ᠤ ᠬᠤᠪᠢ ᠳᠤ᠂ 2022 ᠣᠨ ᠠᠴᠠ ᠡᠬᠢᠯᠡᠨ ᠪᠥᠬᠦ ᠲᠠᠯ᠎ᠠ ᠪᠠᠷ ᠡᠬᠢᠯᠡᠭᠦᠯᠪᠡ᠃ ᠡᠨᠡ ᠬᠦ ᠠᠵᠢᠯ ᠨᠢ ᠥᠷᠭᠡᠨ ᠣᠯᠠᠨ ᠡᠮᠡᠭᠲᠡᠶᠢᠴᠦᠳ ᠤᠨ ᠥᠮᠡᠨ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ︽ᠰᠡᠷᠭᠡᠶᠢᠯᠡᠬᠦ︾ ᠨᠢ ︽ᠵᠠᠰᠠᠬᠤ︾ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠣᠶ ᠪᠣᠯᠭᠠᠭᠰᠠᠨ ᠢᠶᠠᠷ ᠪᠠᠷᠠᠬᠤ ᠥᠬᠡᠶ᠂ ᠪᠠᠰᠠ ︽ᠬᠤᠶᠠᠷ ᠥᠮᠡᠨ︾ ᠤ ᠡᠪᠡᠳᠴᠢᠨ ᠢ ᠡᠷᠲᠡ ᠢᠯᠡᠷᠡᠭᠦᠯᠬᠦ᠂ ᠡᠷᠲᠡ ᠬᠠᠮᠢᠶᠠᠷᠬᠤ᠂ ᠡᠷᠲᠡ ᠡᠮᠨᠡᠨ ᠵᠠᠰᠠᠬᠤ ᠬᠠᠷᠠᠯᠲᠠ ᠶᠢ ᠪᠡᠶᠡᠯᠡᠭᠦᠯᠵᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号