| | | 5 ᠰᠠᠷ᠎ᠠ ᠶᠢᠨ 11 ᠤ ᠡᠳᠦᠷ ᠯᠧ ᠢ ᠪᠡᠶ᠎ᠡ ᠶᠢᠨ ᠲᠠᠮᠢᠷ ᠤᠨ ᠬᠥᠭᠵᠢᠭᠦᠯᠦᠯᠲᠡ ᠶᠢᠨ ᠬᠢᠵᠠᠭᠠᠷᠲᠤ | ᠺᠣᠮᠫᠠᠨᠢ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠭᠧ ᠷᠦᠢ ᠣᠯᠠᠨ ᠤᠯᠤᠰ ᠤᠨ ᠠᠷᠠᠯᠵᠢᠶᠠᠨ ᠤ | ᠬᠢᠵᠠᠭᠠᠷᠲᠤ ᠺᠣᠮᠫᠠᠨᠢ ᠳᠠᠭᠠᠭᠠᠨ ᠡᠷᠬᠢᠯᠡᠭᠰᠡᠨ᠂ ᠲᠣᠷᠭᠠᠨ ᠵᠠᠮ ᠤᠨ ᠵᠢᠭᠤᠯᠴᠢᠯᠠᠯ ᠤᠨ ᠬᠤᠷᠢᠶ᠎ᠠ ᠬᠠᠮᠲᠤᠷᠠᠨ | ᠡᠷᠬᠢᠯᠡᠭᠰᠡᠨ AJP ᠡᠷᠢᠶᠡᠨ ᠬᠤᠨᠳᠠᠭᠠᠲᠤ - 2025 ᠤᠷᠠᠨ ᠰᠠᠶᠢᠬᠠᠨ ᠤ ᠤᠷᠤᠯᠳᠤᠭᠠᠨ ᠲᠡᠭᠦᠰ ᠠᠮᠵᠢᠯᠲᠠ ᠲᠠᠢ | ᠲᠡᠭᠦᠰᠪᠡ᠃ | ᠲᠣᠰ ᠤᠳᠠᠭᠠᠨ ᠤ ᠤᠷᠤᠯᠳᠤᠭᠠᠨ ᠨᠢ ᠬᠤᠪᠢ ᠬᠤᠷᠠᠮᠳᠤᠭᠤᠯᠬᠤ ᠤᠷᠤᠯᠳᠤᠭᠠᠨ ᠪᠣᠯᠤᠭᠰᠠᠨ ᠤ ᠬᠤᠪᠢ ᠳᠤ᠂ | ᠨᠡᠶᠢᠲᠡ ᠳᠥᠷᠪᠡᠨ ᠤᠯᠤᠰ ᠠᠴᠠ ᠢᠷᠡᠭᠰᠡᠨ 479 ᠲᠠᠮᠢᠷᠴᠢᠨ ᠢ ᠲᠠᠲᠠᠪᠠ᠃ ᠬᠠᠮᠲᠤ ᠶᠢᠨ ᠤᠷᠤᠯᠳᠤᠭᠠᠨ ᠳᠤ | ᠤᠷᠠᠨ ᠰᠠᠶᠢᠬᠠᠨ ᠤ ᠺᠯᠦ᠋ᠪ ᠪᠤᠶᠤ ᠪᠦᠯᠬᠦᠮ ᠢᠶᠠᠷ ᠨᠢᠭᠡᠴᠢ ᠪᠣᠯᠭᠠᠨ ᠨᠡᠷ᠎ᠡ ᠮᠡᠳᠡᠭᠦᠯᠵᠦ᠂ ᠪᠦᠯᠬᠦᠮ ᠤᠨ | ᠪᠦᠷᠢᠯᠳᠦᠬᠦᠨ ᠤ ᠶᠡᠷᠦᠩᠬᠡᠢ ᠬᠤᠪᠢ ᠪᠠᠷ ᠨᠡᠷᠡᠰ ᠤᠨ ᠳᠠᠷᠠᠭᠠᠯᠠᠯ ᠢ ᠲᠣᠭᠲᠠᠭᠠᠵᠤ᠂ ᠪᠦᠯᠬᠦᠮ ᠨᠡᠶᠢᠲᠡ ᠶᠢᠨ | ᠬᠠᠮᠵᠢᠯᠴᠠᠭ᠎ᠠ ᠪᠠ ᠥᠷᠢᠰᠥᠯᠳᠦᠭᠡᠨ ᠤ ᠠᠭᠤᠷ ᠠᠮᠢᠰᠬᠤᠯ ᠢ ᠴᠢᠩᠭᠠᠳᠬᠠᠪᠠ᠃ | | | | | ᠤᠷᠤᠯᠳᠤᠭᠠᠨ ᠤ ᠲᠠᠯᠠᠪᠤᠷ ᠲᠤ᠂ ᠲᠠᠮᠢᠷᠴᠢᠳ ᠥᠪᠡᠷ ᠥᠪᠡᠷ ᠤᠨ ᠤᠷ᠎ᠠ ᠮᠡᠷᠭᠡᠵᠢᠯ ᠢᠶᠠᠨ ᠭᠠᠶᠢᠬᠠᠭᠤᠯᠵᠤ᠂ | ᠤᠷᠠᠨ ᠰᠠᠶᠢᠬᠠᠨ ᠭᠠᠵᠠᠷ ᠳᠡᠭᠡᠷ᠎ᠡ ᠵᠢᠭᠤᠷᠠᠵᠤ᠂ ᠡᠰᠡᠬᠦᠯ᠎ᠡ ᠠᠮᠢᠳᠤᠯᠢᠭ ᠵᠣᠭᠰᠣᠵᠤ ᠡᠰᠡᠷᠭᠦᠴᠡᠯᠳᠦᠬᠦ ᠴᠤ ᠲᠡᠷᠡ᠂ | ᠴᠥᠮ ᠣᠯᠠᠨ ᠠᠴᠠ ᠬᠡᠲᠦ᠋ᠢᠳᠦᠭᠰᠡᠨ ᠤᠷᠠᠨ ᠤᠷ᠎ᠠ ᠮᠡᠷᠭᠡᠵᠢᠯ ᠪᠣᠯᠤᠨ ᠡᠷᠡᠰ ᠬᠠᠲᠠᠭᠤ ᠤᠷᠤᠯᠳᠤᠭᠠᠨ ᠤ ᠵᠣᠷᠢᠭ | ᠰᠠᠨᠠᠭ᠎ᠠ ᠶᠢ ᠢᠯᠡᠷᠡᠭᠦᠯᠵᠦ᠂ ᠲᠤᠬᠠᠶ ᠶᠢᠨ ᠲᠠᠯᠠᠪᠠᠶ ᠶᠢᠨ ᠦᠵᠡᠭᠴᠢᠳ ᠲᠤ ᠨᠢᠭᠡ ᠤᠳᠠᠭᠠᠨ ᠤ ᠭᠤᠶᠢᠳᠠ ᠰᠠᠶᠢᠬᠠᠨ | ᠬᠠᠷᠠᠭᠠᠨ ᠤ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃ | ᠱᠠᠩᠨᠠᠯ ᠣᠯᠭᠤᠬᠤ ᠶᠠᠪᠤᠴᠠ ᠳᠤ᠂ ᠱᠠᠩᠨᠠᠯ ᠣᠯᠤᠭᠰᠠᠨ ᠲᠠᠮᠢᠷᠴᠢᠳ ᠱᠠᠩᠨᠠᠯ ᠣᠯᠭᠤᠬᠤ ᠲᠠᠪᠴᠠᠩ ᠳᠤ | ᠭᠠᠷᠴᠤ᠂ ᠱᠠᠩᠨᠠᠯ ᠬᠥᠬᠢᠭᠦᠯᠦᠯ ᠤᠨ ᠲᠡᠮᠳᠡᠭ ᠢ ᠬᠤᠶᠠᠷ ᠭᠠᠷ ᠢᠶᠠᠷ ᠢᠶᠠᠨ ᠲᠤᠰᠴᠤ᠂ ᠦᠵᠡᠭᠴᠢᠳ ᠬᠠᠯᠠᠭᠤᠨ ᠢᠶᠠᠷ | ᠤᠷᠢᠶᠠᠯᠠᠨ ᠱᠠᠩᠨᠠᠯ ᠬᠦᠷᠲᠡᠭᠰᠡᠳ ᠲᠤ ᠪᠠᠶᠠᠷ ᠬᠦᠷᠭᠡᠵᠦ᠂ ᠤᠷᠤᠯᠳᠤᠭᠠᠨ ᠤ ᠠᠭᠤᠷ ᠠᠮᠢᠰᠬᠤᠯ ᠢ ᠪᠠᠰᠠ ᠨᠢᠭᠡᠨ | ᠣᠷᠭᠢᠯ ᠳᠤ ᠬᠦᠷᠭᠡᠪᠡ᠃ | ᠲᠣᠰ ᠤᠳᠠᠭᠠᠨ ᠤ ᠤᠷᠤᠯᠳᠤᠭᠠᠨ ᠨᠢ ᠮᠠᠨ ᠤ ᠬᠤᠲᠠ ᠶᠢᠨ ᠭᠠᠳᠠᠭᠠᠳᠤ ᠰᠣᠯᠢᠯᠴᠠᠭᠠᠨ ᠤ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠢ ᠠᠭᠤᠰᠤᠯᠴᠠᠭᠤᠯᠬᠤ ᠪᠠᠶᠢᠯᠳᠤᠬᠤ | ᠪᠣᠳᠣᠯᠭ᠎ᠠ ᠶᠢ ᠢᠳᠡᠪᠬᠢᠲᠡᠶ ᠳᠠᠭᠠᠵᠤ᠂ ᠰᠣᠶᠣᠯ᠂ ᠪᠡᠶ᠎ᠡ ᠶᠢᠨ ᠲᠠᠮᠢᠷ ᠬᠢᠭᠡᠳ ᠵᠢᠭᠤᠯᠴᠢᠯᠠᠯ ᠤᠨ ᠭᠦᠨᠵᠡᠭᠡᠶ | ᠠᠭᠤᠰᠤᠯᠴᠠᠯ ᠢ ᠠᠬᠢᠭᠤᠯᠵᠤ᠂ ᠤᠷᠠᠨ ᠰᠠᠶᠢᠬᠠᠨ ᠤ ᠬᠥᠳᠡᠯᠭᠡᠭᠡᠨ ᠢ ᠲᠦᠭᠡᠮᠡᠯᠵᠢᠭᠦᠯᠬᠦ ᠪᠠ ᠬᠥᠭᠵᠢᠭᠦᠯᠬᠦ ᠳᠤ ᠰᠢᠨ᠎ᠡ | ᠬᠥᠳᠡᠯᠭᠡᠬᠦ ᠬᠦᠴᠦᠨ ᠨᠡᠮᠡᠷᠢᠯᠡᠪᠡ᠃ |