| | 5 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠡᠶ᠎ᠡ ᠲᠠᠮᠢᠷ ᠤᠨ | ᠦᠢᠯᠡᠴᠢᠯᠡᠭᠡᠨ ᠤ ᠲᠥᠪ᠂ ᠰᠢᠯᠢ ᠶᠢᠨ ᠭᠤᠤᠯ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ᠂ ᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ | ᠡᠷᠭᠢᠯᠡᠭᠰᠡᠨ 2025 ᠣᠨ ᠤ ᠳᠤᠮᠳᠠᠳᠤ ᠮᠣᠩᠭᠤᠯ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ | ᠰᠣᠯᠢᠯᠴᠠᠭᠠᠨ ᠤ ᠦᠵᠡᠭᠦᠯᠭᠡ ᠶᠢᠨ ᠠᠵᠢᠯᠯᠠᠭ᠎ᠠ ᠲᠡᠭᠦᠰ ᠠᠮᠵᠢᠯᠲᠠ ᠲᠠᠢ ᠥᠨᠳᠥᠷᠯᠡᠪᠡ᠃ | ᠲᠣᠰ ᠤᠳᠠᠭᠠᠨ ᠤ ᠠᠵᠢᠯᠯᠠᠭ᠎ᠠ ᠨᠢ ᠵᠥᠪᠬᠡᠨ ᠤᠯᠠᠮᠵᠢᠯᠠᠯᠲᠤ ᠪᠡᠶ᠎ᠡ ᠴᠢᠭᠢᠷᠠᠭᠵᠢᠭᠤᠯᠬᠤ ᠲᠥᠷᠥᠯ ᠵᠦᠢᠯ ᠤᠨ | ᠦᠵᠡᠭᠦᠯᠦᠯᠭᠡ ᠪᠣᠯᠬᠤ ᠪᠠᠷ ᠪᠠᠷᠠᠬᠤ ᠥᠬᠡᠶ᠂ ᠨᠠᠩ ᠴᠤ ᠶᠡᠷᠦ ᠪᠤᠰᠤ ᠶᠢᠨ ᠠᠴᠢ ᠬᠤᠯᠪᠣᠭᠳᠠᠯ ᠲᠠᠢ ᠪᠡᠶ᠎ᠡ ᠶᠢᠨ | ᠲᠠᠮᠢᠷ ᠤᠨ ᠰᠣᠶᠣᠯ ᠤᠨ ᠰᠣᠯᠢᠯᠴᠠᠭᠠᠨ ᠤ ᠦᠪᠡᠳᠡᠭᠰᠢ ᠴᠤᠭᠯᠠᠭᠠᠨ ᠪᠣᠯᠤᠨ᠎ᠠ᠂ ᠳᠤᠮᠳᠠᠳᠤ ᠮᠣᠩᠭᠤᠯ ᠬᠤᠶᠠᠷ | ᠤᠯᠤᠰ ᠤᠨ 120 ᠭᠠᠷᠤᠶ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠲᠤ ᠪᠠᠭ᠋ᠠᠲᠠᠶ ᠬᠥᠮᠦᠰ ᠨᠢᠭᠡ | ᠲᠠᠩᠬᠢᠮ ᠳᠤ ᠴᠤᠭᠯᠠᠷᠠᠵᠤ᠂ ᠤᠷ᠎ᠠ ᠮᠡᠷᠭᠡᠵᠢᠯ ᠢᠶᠠᠨ ᠵᠥᠪᠳᠡᠪᠡ᠃ | ᠭᠤᠷᠪᠠᠨ ᠡᠳᠦᠷ ᠤᠨ ᠬᠤᠭᠤᠴᠠᠭ᠎ᠠ ᠲᠠᠢ ᠬᠥᠳᠡᠯᠭᠡᠭᠡᠨ ᠤ ᠳᠤᠮᠳᠠ᠂ ᠮᠠᠨ ᠤ ᠣᠷᠣᠨ ᠤ ᠪᠡᠶ᠎ᠡ | ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠣᠯᠠᠨ ᠤᠯᠤᠰ ᠤᠨ ᠲᠠᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ | ᠵᠢᠭᠠᠨ ᠵᠢᠯᠣᠭᠤᠳᠣᠭᠴᠢ ᠨᠢ ᠯᠧᠺᠲ᠋ᠣᠷ ᠤᠨ ᠲᠤᠰᠢᠶᠠᠯ ᠢ ᠡᠭᠦᠷᠭᠡᠯᠡᠵᠦ᠂ ᠰᠤᠷᠤᠭᠴᠢᠳ ᠲᠤ ᠬᠦᠯᠢᠴᠡᠩᠭᠦᠶ ᠨᠠᠷᠢᠨ | ᠨᠢᠮᠪᠠᠶ ᠬᠢᠴᠢᠶᠡᠯ ᠣᠷᠣᠪᠠ᠃ ᠪᠠᠭ᠎ᠠ ᠰᠠᠭ᠎ᠠ ᠭᠠᠷ ᠤᠨ ᠳᠣᠬᠢᠶ᠎ᠠ᠂ ᠠᠯᠬᠤᠭ᠎ᠠ ᠶᠢᠨ ᠵᠣᠭᠰᠣᠴᠠ᠂ ᠪᠡᠶ᠎ᠡ | ᠮᠠᠬᠠᠪᠣᠳ ᠤᠨ ᠬᠤᠪᠢᠷᠠᠯᠲᠠ ᠶᠢᠨ ᠬᠠᠷᠠᠭᠠᠰᠤ ᠠᠴᠠ ᠭᠠᠪᠢᠶ᠎ᠠ ᠶᠢᠨ ᠬᠡᠷᠡᠭᠯᠡᠯᠲᠡ ᠬᠦᠷᠲᠡᠯ᠎ᠡ ᠨᠢᠭᠡᠳ ᠨᠢᠭᠡ ᠪᠠᠷ | ᠲᠠᠶᠢᠯᠪᠤᠷᠢᠯᠠᠨ ᠵᠢᠱᠢᠶ᠎ᠡ ᠦᠵᠡᠭᠦᠯᠪᠡ᠃ | ᠳᠤᠮᠳᠠᠳᠤ ᠮᠣᠩᠭᠤᠯ ᠬᠤᠶᠠᠷ ᠤᠯᠤᠰ ᠤᠨ ᠰᠤᠷᠤᠭᠴᠢᠳ ᠪᠦᠬᠦ ᠠᠩᠬᠠᠷᠤᠯ ᠢᠶᠠᠨ ᠲᠥᠪᠯᠡᠷᠡᠭᠦᠯᠦᠨ | ᠲᠠᠶᠢᠯᠤᠮᠵᠢ ᠶᠢ ᠰᠣᠨᠣᠰᠴᠤ᠂ ᠯᠧᠺᠲ᠋ᠣᠷ ᠤᠨ ᠵᠢᠱᠢᠶ᠎ᠡ ᠦᠵᠡᠭᠦᠯᠬᠦ ᠬᠥᠳᠡᠯᠭᠡᠭᠡᠨ ᠢ ᠴᠢᠩᠭ᠎ᠠ ᠠᠩᠬᠠᠷᠴᠤ᠂ ᠨᠠᠷᠢᠨ | ᠬᠢᠨᠠᠮᠠᠭᠠᠢ ᠰᠤᠷᠤᠯᠴᠠᠪᠠ᠃ ᠬᠢᠴᠢᠶᠡᠯ ᠳᠤ ᠂ ᠣᠯᠠᠨ ᠢᠶᠠᠷ ᠢᠶᠠᠨ ᠬᠠᠷᠢᠯᠴᠠᠨ ᠰᠣᠯᠢᠯᠴᠠᠨ ᠵᠣᠷᠢᠭᠵᠢᠭᠤᠯᠵᠤ᠂ | ᠬᠠᠮᠲᠤᠪᠠᠷ ᠬᠥᠳᠡᠯᠦᠯ ᠢ ᠰᠦᠪᠡᠭᠴᠢᠯᠡᠨ᠎ᠡ᠃ | ᠮᠣᠩᠭᠤᠯ ᠤᠯᠤᠰ ᠠᠴᠠ ᠢᠷᠡᠭᠰᠡᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠲᠤ ᠪᠠᠭ᠋ᠠᠲᠠᠶ ᠬᠥᠮᠦᠰ | ᠲᠣᠰ ᠤᠳᠠᠭᠠᠨ ᠤ ᠰᠤᠷᠤᠯᠴᠠᠯᠭ᠎ᠠ ᠰᠣᠯᠢᠯᠴᠠᠭᠠᠨ ᠤ ᠲᠣᠬᠢᠶᠠᠯ ᠢ ᠣᠨᠴᠠᠭᠠᠶᠢᠯᠠᠨ ᠨᠠᠨᠳᠢᠩᠨᠠᠵᠤ᠂ ᠦᠭᠡ ᠬᠡᠯᠡ | ᠨᠡᠪᠲᠡᠷᠡᠯᠴᠡᠬᠦ ᠲᠠᠯ᠎ᠠ ᠪᠠᠷ ᠵᠣᠬᠢᠬᠤ ᠬᠠᠷᠰᠢ ᠰᠠᠭᠠᠳ ᠲᠠᠢ ᠪᠣᠯᠪᠠᠴᠤ ᠪᠠᠭᠰᠢ ᠶᠢᠨ ᠮᠥᠴᠢ ᠶᠢᠨ ᠵᠢᠱᠢᠶ᠎ᠡ ᠦᠵᠡᠭᠦᠯᠬᠦ | ᠪᠠ ᠠᠵᠢᠯᠲᠠᠨ ᠤ ᠳᠥᠭᠦᠮᠬᠡᠨ ᠢᠶᠠᠷ ᠣᠷᠴᠢᠭᠤᠯᠬᠤ ᠪᠠᠷ ᠳᠠᠮᠵᠢᠭᠤᠯᠤᠨ᠂ ᠬᠥᠳᠡᠯᠭᠡᠭᠡᠨ ᠨᠢᠭᠡᠪᠦᠷᠢ ᠶᠢ ᠴᠥᠮ | ᠵᠢᠷᠤᠮᠵᠢᠭᠤᠯᠬᠤ ᠪᠠᠷ ᠴᠢᠷᠮᠠᠶᠢᠨ᠎ᠠ᠃ | ᠮᠣᠩᠭᠤᠯ ᠤᠯᠤᠰ ᠤᠨ ᠠᠮᠢᠰᠬᠤᠯ ᠤᠨ ᠲᠠᠮᠢᠷ ᠤᠨ ᠨᠡᠶᠢᠭᠡᠮᠯᠢᠭ ᠤᠨ ᠳᠠᠰᠬᠠᠯᠵᠢᠭᠤᠯᠤᠭᠴᠢ ᠴᠢ · | ᠴᠢᠯᠠᠭᠤᠨᠡᠷᠳᠡᠨᠢ ᠬᠡᠯᠡᠭᠰᠡᠨ ᠨᠢ᠄ ︽ᠮᠠᠨ ᠤ ᠡᠨᠡ ᠤᠳᠠᠭ᠎ᠠ ᠮᠣᠩᠭᠤᠯ ᠤᠯᠤᠰ ᠤᠨ ᠤᠯᠠᠭᠠᠨᠪᠠᠭᠠᠲᠤᠷ ᠠᠴᠠ ᠡᠷᠢᠶᠡᠨ | ᠬᠤᠲᠠ ᠳᠤ ᠲᠤᠰᠬᠠᠶᠢᠯᠠᠨ ᠬᠦᠷᠴᠦ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠢ ᠰᠤᠷᠤᠯᠴᠠᠬᠤ ᠳᠤ ᠮᠠᠰᠢ | ᠠᠵᠠ ᠵᠠᠪᠰᠢᠶᠠᠨ ᠲᠠᠢ ᠰᠠᠨᠠᠭᠳᠠᠵᠤ ᠪᠠᠶᠢᠨ᠎ᠠ᠃ ᠡᠨᠡ ᠭᠤᠷᠪᠠᠨ ᠡᠳᠦᠷ ᠪᠢᠳᠡ ᠪᠥᠵᠢᠭ ᠤᠨ ᠪᠡᠶ᠎ᠡ ᠪᠣᠯᠪᠠᠰᠤᠷᠠᠬᠤ | ᠠᠮᠢᠰᠭᠤᠯ ᠤᠨ ᠲᠠᠮᠢᠷ᠂ ᠨᠡᠷᠡᠭ ᠨᠢᠳᠤᠷᠭᠠᠨ ᠡᠷᠳᠡᠮ ᠤᠨ ᠨᠠᠢᠮᠠᠨ ᠠᠷᠭ᠎ᠠ ᠶᠢᠨ ᠲᠠᠪᠤᠨ ᠠᠯᠬᠤᠮ ᠤᠨ ᠨᠢᠳᠤᠷᠭ᠎ᠠ ᠪᠠ | ᠮᠠ᠋ ᠸᠠᠩ ᠤᠨ ᠣᠪᠣᠭ᠎ᠠ ᠬᠥᠲᠥᠯᠦᠨ ᠳᠠᠭᠠᠭᠤᠯᠬᠤ ᠮᠡᠷᠭᠡᠵᠢᠯ ᠢ ᠰᠤᠷᠴᠠᠢ᠃ ᠡᠨᠡ ᠤᠳᠠᠭᠠᠨ ᠤ ᠪᠣᠯᠪᠠᠰᠤᠷᠠᠯ ᠨᠢ | ᠪᠠᠭᠰᠢ ᠨᠠᠷ ᠤᠨ ᠲᠤᠰᠬᠠᠶ ᠮᠡᠷᠭᠡᠵᠢᠯ ᠤᠨ ᠵᠢᠯᠣᠭᠤᠳᠤᠯᠭ᠎ᠠ ᠨᠢ ᠪᠢᠳᠡᠨ ᠢ ᠬᠠᠷᠠᠭ᠎ᠠ ᠪᠠᠨ ᠥᠷᠭᠡᠳᠬᠡᠨ᠂ ᠪᠡᠶ᠎ᠡ | ᠴᠢᠭᠢᠷᠠᠭᠵᠢᠭᠤᠯᠬᠤ ᠠᠮᠢᠰᠬᠤᠯ ᠤᠨ ᠲᠠᠮᠢᠷ ᠲᠤ ᠨᠡᠩ ᠭᠦᠨ ᠣᠶᠢᠯᠠᠭᠠᠯᠲᠠ ᠲᠠᠢ ᠪᠣᠯᠭᠠᠭᠰᠠᠨ ᠪᠠᠶᠢᠨ᠎ᠠ᠃ ᠡᠨᠡ | ᠤᠳᠠᠭᠠᠨ ᠤ ᠠᠵᠢᠯᠯᠠᠭ᠎ᠠ ᠪᠠᠷ ᠳᠠᠮᠵᠢᠨ᠂ ᠮᠠᠨ ᠤ ᠠᠮᠢᠰᠬᠤᠯ ᠤᠨ ᠲᠠᠮᠢᠷ ᠤᠨ ᠤᠷ᠎ᠠ ᠮᠡᠷᠭᠡᠵᠢᠯ ᠢ | ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠮᠠᠨ ᠤ ᠳᠤᠮᠳᠠᠳᠤ ᠤᠯᠤᠰ ᠤᠨ ᠰᠣᠶᠣᠯ ᠤᠨ ᠲᠤᠬᠠᠶ ᠣᠶᠢᠯᠠᠭᠠᠯᠲᠠ ᠪᠠᠨ | ᠨᠡᠩ ᠨᠡᠮᠡᠭᠳᠡᠭᠦᠯᠵᠦ᠂ ᠳᠤᠮᠳᠠᠳᠤ ᠮᠣᠩᠭᠤᠯ ᠬᠤᠶᠠᠷ ᠤᠯᠤᠰ ᠤᠨ ᠠᠷᠠᠳ ᠲᠦᠮᠡᠨ ᠤ ᠬᠤᠭᠤᠷᠣᠨᠳᠣᠬᠢ ᠨᠥᠬᠦᠷᠯᠡᠯ ᠢ | ᠭᠦᠨᠵᠡᠭᠡᠶᠢᠷᠡᠭᠦᠯᠪᠡ᠃ |