ᠡᠷᠡᠭᠦᠯ ᠮᠡᠨᠳᠦ ᠶᠢᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠵᠢᠯ᠄ ᠵᠠᠭᠤᠨ ᠡᠳᠦᠷ ᠤᠨ ᠠᠯᠬᠤᠭ᠎ᠠ ᠶᠢ ᠪᠥᠬᠦ ᠠᠷᠠᠳ ᠢᠶᠠᠷ ᠢᠶᠠᠨ ᠡᠷᠡᠭᠦᠯ ᠮᠡᠨᠳᠦ ᠳᠤ ᠬᠦᠷᠭᠡᠬᠦ ᠰᠢᠨ᠎ᠡ ᠠᠶᠠᠨ ᠢ ᠡᠬᠢᠯᠡᠭᠦᠯᠪᠡ
ᠨᠡᠶᠢᠲᠡᠯᠡᠭᠰᠡᠨ ᠴᠠᠭ᠄
2025/5/13
 
     5 ᠰᠠᠷ᠎ᠠ ᠶᠢᠨ 11 ᠤ ᠡᠳᠦᠷ᠂ ᠠᠷᠪᠠᠳᠤᠭᠠᠷ ᠬᠤᠭᠤᠴᠠᠭᠠᠨ ᠤ ᠲᠦᠮᠡᠨ ᠠᠯᠬᠤᠮ ᠤᠨ ᠪᠣᠯᠵᠤᠭ᠎ᠠ ᠲᠠᠢ ᠡᠷᠡᠭᠦᠯᠵᠢᠬᠦ ᠵᠣᠷᠢᠭᠵᠢᠭᠤᠯᠤᠯ ᠤᠨ ᠤᠷᠤᠯᠳᠤᠭᠠᠨ ᠵᠢᠴᠢ ᠪᠥᠬᠦ ᠤᠯᠤᠰ ᠤᠨ ︽ᠶᠡᠭᠡ ᠲᠠᠳᠠᠮᠠᠯ ᠭᠤᠤᠯ ᠢᠶᠠᠷ ᠶᠠᠪᠤᠬᠤ︾ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭ᠎ᠠ ᠶᠢᠨ ᠵᠢᠩᠬᠢᠨᠢ ᠪᠠᠷ ᠡᠬᠢᠯᠡᠬᠦ ᠶᠢ ᠳᠠᠭᠠᠯᠳᠤᠨ᠂ ᠮᠠᠨ ᠤ ᠬᠤᠲᠠ ᠶᠢᠨ 100 ᠡᠳᠦᠷ ᠤᠨ ︽ᠡᠷᠡᠭᠦᠯ ᠮᠡᠨᠳᠦ ᠶᠢᠨ ᠪᠡᠶ᠎ᠡ ᠶᠢᠨ ᠳᠤᠯᠠᠭᠠᠨ ᠤ ᠬᠠᠮᠢᠶᠠᠷᠤᠯᠲᠠ︾ ᠶᠢᠨ ᠪᠥᠬᠦ ᠠᠷᠠᠳ ᠤᠨ ᠶᠠᠪᠠᠭᠠᠨ ᠠᠯᠬᠤᠬᠤ ᠲᠤᠭ᠎ᠠ ᠶᠢᠨ ᠥᠷᠢᠰᠥᠯᠳᠦᠭᠡᠨ ᠡᠬᠢᠯᠡᠪᠡ᠃      ᠠᠵᠢᠯᠯᠠᠭ᠎ᠠ ᠨᠢ ᠪᠥᠬᠦ ᠬᠤᠲᠠ ᠶᠢᠨ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠤᠨ 473 ᠪᠡᠶ᠎ᠡ ᠴᠢᠭᠢᠷᠠᠭᠵᠢᠭᠤᠯᠬᠤ ᠳᠤᠷᠠᠲᠠᠶ ᠬᠥᠮᠦᠰ ᠢ ᠲᠡᠳᠡᠨ ᠢᠳᠡᠪᠬᠢᠲᠡᠢ ᠣᠷᠣᠯᠴᠠᠭᠤᠯᠪᠠ᠃ ᠣᠯᠠᠨ ᠢᠶᠠᠷ ᠢᠶᠠᠨ ᠲᠠᠮᠢᠷ ᠤᠨ ᠬᠤᠪᠴᠠᠰᠤ ᠡᠮᠦᠰᠴᠦ᠂ ᠴᠤᠭ ᠵᠢᠪᠬᠤᠭ᠎ᠠ ᠪᠠᠳᠠᠷᠠᠩᠭᠤᠶ ᠴᠢᠷᠠᠶ ᠳᠤ ᠡᠷᠡᠭᠦᠯ ᠴᠢᠭᠢᠷᠠᠭ ᠠᠮᠢᠳᠤᠷᠠᠯ ᠤᠨ ᠲᠤᠬᠠᠶ ᠬᠠᠶᠢᠷ᠎ᠠ ᠰᠡᠳᠬᠢᠯᠭᠡ ᠪᠠᠷ ᠪᠢᠯᠬᠠᠵᠤ ᠪᠠᠶᠢᠯ᠎ᠠ᠃
    ᠡᠬᠢᠯᠡᠯᠲᠡ ᠶᠢᠨ ᠶᠣᠰᠣᠯᠠᠯ ᠳᠡᠭᠡᠷ᠎ᠡ᠂ ᠠᠮᠢᠰᠬᠤᠯ ᠤᠨ ᠲᠠᠮᠢᠷ ᠤᠨ ᠨᠡᠶᠢᠭᠡᠮᠯᠢᠭ ᠤᠨ ᠭᠡᠰᠢᠭᠦᠨ ᠵᠢᠴᠢ ᠪᠥᠵᠢᠭ ᠤᠨ ᠪᠠᠭ᠋ᠠᠷᠬᠠᠭᠴᠢᠳ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠪᠦᠬᠦ ᠠᠷᠠᠳ ᠢᠶᠠᠷ ᠢᠶᠠᠨ ᠣᠷᠣᠯᠴᠠᠬᠤ᠂ ᠪᠠᠶᠠᠷ ᠪᠠᠶᠠᠰᠬᠤᠯᠠᠩᠲᠤ ᠲᠠᠮᠢᠷ ᠤᠨ ᠬᠥᠳᠡᠯᠭᠡᠭᠡᠨ ᠤ ᠬᠠᠯᠠᠭᠤᠨ ᠰᠡᠳᠬᠢᠯᠭᠡ ᠶᠢ ᠬᠠᠮᠲᠤ ᠪᠠᠷ ᠳᠠᠮᠵᠢᠭᠤᠯᠵᠤ᠂ ︽ᠡᠷᠡᠭᠦᠯ ᠮᠡᠨᠳᠦ ᠶᠢ ᠨᠠᠰᠤᠨ ᠤ ᠢᠯᠭᠠᠯ ᠦᠭᠡᠢ᠂ ᠲᠠᠮᠢᠷ ᠤᠨ ᠬᠦᠳᠡᠯᠭᠡᠭᠡᠨ ᠢ ᠴᠠᠭ ᠲᠤᠬᠠᠢ ᠳᠤᠨᠢ ᠡᠳ᠋ᠯᠡᠵᠦ ᠪᠣᠯᠬᠤ︾ ᠤᠢᠢᠯᠠᠭᠠᠭᠳᠠᠬᠤᠨ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠪᠠ᠃      ᠲᠤᠬᠠᠶ ᠶᠢᠨ ᠲᠠᠯᠠᠪᠠᠢ ᠳᠤ᠂ ᠬᠤᠲᠠ ᠶᠢᠨ ᠤᠳᠤᠷᠢᠳᠤᠯᠭ᠎ᠠ ᠲᠤᠭ ᠣᠯᠭᠤᠪᠠ᠃ ᠲᠤᠰᠬᠠᠶ ᠮᠡᠷᠭᠡᠵᠢᠯ ᠤᠨ ᠳᠠᠰᠬᠠᠯᠵᠢᠭᠤᠯᠤᠭᠴᠢ ᠣᠷᠣᠯᠴᠠᠭᠴᠢ ᠶᠢ ᠳᠠᠭᠠᠭᠤᠯᠤᠨ ᠰᠢᠨᠵᠢᠯᠡᠬᠦ ᠤᠬᠠᠭᠠᠨᠴᠢ ᠪᠠᠷ ᠪᠡᠶ᠎ᠡ ᠪᠣᠯᠪᠠᠰᠤᠷᠠᠭᠤᠯᠵᠤ᠂ ᠲᠠᠮᠢᠷ ᠤᠨ ᠬᠥᠳᠡᠯᠭᠡᠭᠡᠨ ᠠᠴᠠ ᠡᠮᠦᠨᠡᠬᠢ ᠪᠡᠯᠡᠳᠬᠡᠯ ᠠᠵᠢᠯ ᠢ ᠭᠦᠢᠴᠡᠳ ᠰᠠᠶᠢᠲᠤᠷ ᠬᠢᠵᠦ᠂ ᠪᠡᠶ᠎ᠡ ᠴᠢᠭᠢᠷᠠᠭᠵᠢᠭᠤᠯᠬᠤ ᠦᠷ᠎ᠡ ᠪᠦᠲᠦᠮᠵᠢ ᠳᠤ ᠬᠦᠷᠦᠭᠦᠯᠦᠨ᠎ᠡ᠃      ᠳᠠᠷᠠᠭ᠎ᠠ ᠨᠢ᠂ ᠤᠷᠤᠯᠳᠤᠭᠠᠨ ᠡᠬᠢᠯᠡᠵᠦ᠂ ᠣᠷᠣᠯᠴᠠᠭᠴᠢ ᠲᠡᠷᠢ ᠲᠡᠭᠰᠢ ᠡᠮᠬᠢ ᠵᠢᠷᠤᠮ ᠲᠠᠢ ᠠᠯᠬᠤᠵᠤ᠂ ᠲᠥᠯᠥᠪᠵᠢᠭᠦᠯᠭᠡ ᠶᠢᠨ ᠵᠠᠮ ᠢᠶᠠᠷ ᠡᠷᠡᠭᠦᠯ ᠮᠡᠨᠳᠦ ᠶᠢᠨ ᠠᠶᠠᠯᠠᠯ ᠢᠶᠠᠨ ᠡᠬᠢᠯᠡᠭᠦᠯᠪᠡ᠃ ᠵᠠᠮ ᠵᠠᠭᠤᠷ᠎ᠠ ᠪᠠᠷ᠂ ᠤᠯᠠᠨ ᠢᠶᠠᠷ ᠢᠶᠠᠨ ᠬᠠᠷᠢᠯᠴᠠᠨ ᠵᠣᠷᠢᠭᠵᠢᠭᠤᠯᠵᠤ᠂ ᠬᠠᠷᠢᠯᠴᠠᠨ ᠬᠠᠨᠢ ᠪᠤᠯᠵᠤ᠂ ᠬᠠᠮᠲᠤᠪᠠᠷ ᠠᠯᠬᠤᠮ ᠢᠶᠠᠷ ᠢᠶᠠᠨ ᠡᠷᠡᠭᠦᠯ ᠮᠡᠨᠳᠤ ᠶᠢ ᠬᠡᠮᠵᠢᠵᠦ᠂ ᠦᠢᠯᠡ ᠠᠵᠢᠯᠯᠠᠭ᠎ᠠ ᠪᠠᠷ ᠢᠶᠠᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠢᠢᠯᠠᠭᠠᠭᠳᠠᠬᠤᠨ ᠢ ᠦᠢᠯᠡᠳᠦᠯᠭᠡᠵᠢᠭᠦᠯᠵᠡᠢ᠃      ᠡᠨᠡ ᠵᠢᠯ ᠪᠣᠯ ︽ᠡᠷᠡᠭᠦᠯ ᠮᠡᠨᠳᠦ ᠶᠢᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠣᠨ︾ ᠪᠣᠯᠤᠨ᠎ᠠ᠂ ᠲᠣᠰ ᠤᠳᠠᠭᠠᠨ ᠤ ᠠᠵᠢᠯᠯᠠᠭ᠎ᠠ ᠨᠢ ︽ᠰᠢᠨᠵᠢᠯᠡᠬᠦ ᠤᠬᠠᠭᠠᠨᠴᠢ ᠪᠠᠷ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠪᠠᠷ ᠭᠤᠤᠯ ᠪᠣᠯᠭᠠᠵᠤ᠂ ᠣᠷᠣᠯᠴᠠᠭᠴᠢ ᠡᠳᠦᠷ ᠪᠦᠷᠢ ᠠᠯᠬᠤᠮ ᠠᠯᠬᠤᠮ ᠢᠶᠠᠷ ᠳᠡᠭᠡᠭᠰᠢ ᠮᠡᠳᠡᠭᠦᠯᠬᠦ ᠬᠡᠯᠪᠡᠷᠢ ᠪᠠᠷ ᠳᠠᠮᠵᠢᠭᠤᠯᠤᠨ᠂ ᠣᠷᠣᠯᠴᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠡᠷᠡᠭᠦᠯ ᠮᠡᠨᠳᠦ ᠶᠢᠨ ᠤᠬᠠᠮᠰᠠᠷ ᠪᠠ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠡᠷᠡᠭᠦᠯ ᠮᠡᠨᠳᠦ ᠶᠢᠨ ᠠᠵᠢᠯᠯᠠᠭ᠎ᠠ ᠶᠢ ᠲᠦᠷ ᠴᠠᠭ ᠣᠷᠣᠯᠴᠠᠬᠤ ᠠᠴᠠ ᠨᠢᠭᠡ ᠨᠠᠰᠤᠨ ᠤ ᠳᠠᠳᠬᠠᠯ ᠪᠣᠯᠭᠠᠨ ᠬᠤᠪᠢᠷᠠᠭᠤᠯᠵᠤ ᠪᠣᠯᠤᠨ᠎ᠠ᠃      ᠣᠶᠢᠯᠠᠭᠠᠭᠰᠠᠨ ᠢᠶᠠᠷ᠂ ︽ᠲᠦᠮᠡᠨ ᠠᠯᠬᠤᠮ ᠤᠨ ᠪᠣᠯᠵᠤᠭ᠎ᠠ ᠲᠠᠢ︾ ᠢᠳᠡᠷᠡᠭᠦᠨ ᠠᠯᠬᠤᠭ᠎ᠠ ᠶᠢ ᠤᠷᠮᠠᠰᠢᠭᠤᠯᠬᠤ ᠤᠷᠤᠯᠳᠤᠭᠠᠨ ᠢ ᠥᠷᠨᠢᠭᠦᠯᠦᠭᠰᠡᠨ ᠠᠴᠠ ᠨᠠᠰᠢ᠂ ᠡᠳᠦᠷ ᠲᠤᠲᠤᠮ ᠤᠨ ᠠᠶᠠᠯᠠᠬᠤ᠂ ᠰᠢᠨᠵᠢᠯᠡᠬᠦ ᠤᠬᠠᠭᠠᠨᠴᠢ ᠪᠠᠷ ᠪᠡᠶ᠎ᠡ ᠪᠠᠨ ᠴᠢᠭᠢᠷᠠᠭᠵᠢᠭᠤᠯᠬᠤ ᠣᠶᠢᠯᠠᠭᠠᠭᠳᠠᠬᠤᠨ ᠢ ᠳᠡᠯᠭᠡᠷᠡᠭᠦᠯᠬᠦ ᠪᠠᠷ ᠳᠠᠮᠵᠢᠭᠤᠯᠤᠨ᠂ ᠮᠠᠰᠢ ᠣᠯᠠᠨ ᠬᠤᠲᠠ ᠶᠢᠨ ᠠᠷᠠᠳ ᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠤᠨ ᠠᠵᠢᠯᠯᠠᠭ᠎ᠠ ᠳᠤ ᠣᠷᠣᠯᠴᠠᠬᠤ ᠶᠢ ᠲᠠᠲᠠᠪᠠ᠃ ᠲᠣᠰ ᠤᠳᠠᠭ᠎ᠠ ᠪᠥᠬᠦ ᠤᠯᠤᠰ ᠤᠨ ︽ᠶᠡᠭᠡ ᠲᠠᠳᠠᠮᠠᠯ ᠭᠤᠣᠯ ᠢᠶᠠᠷ ᠠᠶᠠᠯᠠᠬᠤ︾ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭ᠎ᠠ ᠲᠠᠢ ᠤᠶᠠᠯᠳᠤᠭᠤᠯᠤᠭᠰᠠᠨ ᠨᠢ ᠨᠠᠩ ᠴᠤ ᠬᠥᠳᠡᠯᠭᠡᠭᠡᠨ ᠳᠤ ᠡᠯᠪᠡᠭ ᠪᠠᠶᠠᠯᠢᠭ ᠰᠣᠶᠣᠯ ᠤᠨ ᠠᠭᠤᠯᠤᠭᠳᠠᠬᠤᠨ ᠨᠡᠮᠡᠷᠢᠯᠡᠭᠰᠡᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠶᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠬᠠᠮᠲᠤᠷᠠᠨ ᠵᠣᠬᠢᠶᠠᠨ ᠪᠠᠶᠢᠭᠤᠯᠤᠨ ᠥᠷᠨᠢᠭᠦᠯᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号