| | | ᠡᠨᠡ ᠵᠢᠯ ᠤᠨ ᠲᠦᠷᠦᠭᠦᠦ 4 ᠰᠠᠷ᠎ᠠ ᠳᠤ᠂ ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ 138.4 ᠳ᠋ᠦᠩᠰᠢᠭᠤᠷ ᠲᠥᠭᠦᠷᠢᠭ ᠲᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ 2.2% ᠢᠶᠠᠷ ᠨᠡᠮᠡᠭᠳᠡᠪᠡ ᠡᠭᠦᠨ ᠳᠤ ᠭᠠᠳᠠᠭᠠᠳᠤ ᠠᠴᠠ ᠣᠷᠣᠭᠤᠯᠤᠭᠰᠠᠨ | ᠬᠡᠮᠵᠢᠶ᠎ᠡ 70.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.6% ᠪᠠᠷ | ᠨᠡᠮᠡᠭᠳᠡᠵᠦ᠂ ᠭᠠᠳᠠᠭᠠᠳᠤ ᠳᠤ ᠭᠠᠷᠭᠠᠭᠰᠠᠨ ᠬᠡᠮᠵᠢᠶ᠎ᠡ 67.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2.9% ᠪᠠᠷ ᠪᠠᠭᠠᠰᠴᠠᠢ᠃ | ᠡᠨᠡ ᠵᠢᠯ ᠠᠴᠠ ᠨᠠᠰᠢ᠂ ᠡᠷᠢᠶᠡᠨ ᠬᠤᠲᠠ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ | ᠥᠩᠭᠡᠷᠡᠬᠦ ᠴᠢᠳᠠᠪᠤᠷᠢ ᠡᠮᠬᠢ ᠵᠢᠷᠤᠮ ᠲᠠᠢ ᠰᠡᠷᠭᠦᠵᠦ᠂ ᠵᠡᠰ ᠤᠨ ᠬᠦᠳᠡᠷ ᠤᠨ ᠡᠯᠡᠰᠦ᠂ ᠨᠡᠭᠦᠷᠡᠰᠦ᠂ ᠴᠠᠭᠠᠰᠤᠨ | ᠡᠭᠡᠳᠡᠩ᠂ ᠲᠡᠮᠦᠷ ᠤᠨ ᠬᠦᠳᠡᠷ ᠵᠡᠷᠭᠡ ᠶᠡᠭᠡ ᠬᠡᠮᠵᠢᠶᠡᠨ ᠤ ᠲᠠᠸᠠᠷ ᠴᠥᠮ ᠨᠡᠮᠡᠭᠳᠡᠬᠦ ᠪᠠᠶᠢᠳᠠᠯ ᠢᠯᠡᠷᠡᠪᠡ᠃ ᠡᠷᠢᠶᠡᠨ | ᠬᠤᠲᠠ ᠶᠢᠨ ᠬᠢᠯᠢ ᠶᠢᠨ ᠪᠣᠭᠤᠮᠲᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠠᠪᠰᠤᠷᠤᠨ ᠲᠡᠳᠭᠦᠬᠦ ᠠᠵᠤ | ᠠᠬᠤᠶᠢᠯᠠᠯ ᠤᠨ ᠬᠦᠴᠢᠷᠳᠡᠯ ᠢ ᠰᠢᠢᠳᠪᠣᠷᠢᠯᠡᠬᠦ ᠳᠣᠰᠬᠠᠢ ᠠᠵᠢᠯᠯᠠᠭ᠎ᠠ ᠶᠢ ᠥᠷᠨᠢᠭᠦᠯᠵᠦ᠂ ︽ᠭᠠᠭᠴᠠ ᠴᠣᠩᠬᠤᠪᠴᠢ︾ | ᠶᠢ ᠤᠬᠠᠭᠤᠯᠬᠤ ᠪᠠ ᠬᠡᠷᠡᠭᠯᠡᠬᠦ ᠪᠣᠯᠪᠠᠰᠣᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ︽ᠨᠢᠭᠡ ᠶᠢ ᠬᠢᠨᠠᠨ | ᠵᠢᠯᠣᠭᠤᠳᠤᠭᠰᠠᠨ︾ ᠠᠵᠤ ᠠᠬᠤᠶᠢᠯᠠᠯ ᠤᠨ ︽ᠳᠠᠩ ᠭᠠᠭᠴᠠ ᠴᠣᠩᠬᠤ︾ ᠳᠤ ᠭᠤᠶᠤᠴᠢᠯᠠᠨ ᠮᠡᠳᠡᠭᠦᠯᠬᠦ ᠶᠢ | ᠵᠢᠷᠤᠮᠵᠢᠭᠤᠯᠵᠤ᠂ ᠪᠣᠭᠤᠮᠲᠠ ᠶᠢᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ | ᠳᠠᠶᠢᠯᠣᠮᠵᠢ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠣᠳᠠᠲᠠᠢ ᠠᠵᠢᠯ ᠢᠶᠠᠷ ᠦᠢᠯᠡᠴᠢᠯᠡᠭᠡᠨ ᠤ ᠬᠢᠷᠢ ᠬᠡᠮᠵᠢᠶ᠎ᠡ ᠪᠠᠨ | ᠳᠡᠭᠡᠭᠰᠢᠯᠡᠬᠦᠯᠵᠦ᠂ ᠠᠵᠦ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠤ ᠳᠥᠭᠦᠮ | ᠲᠦᠳᠡ ᠪᠥᠭᠡᠳ ᠥᠨᠳᠥᠷ ᠪᠦᠲᠦᠮᠵᠢᠲᠡᠢ ᠪᠣᠭᠤᠮᠲᠠ ᠥᠩᠭᠡᠷᠡᠬᠦ ᠶᠢ ᠪᠠᠲᠤᠯᠠᠨ᠎ᠠ᠃ | ᠳᠠᠷᠠᠭᠠᠴᠢ ᠶᠢᠨ ᠠᠯᠬᠤᠮ ᠳᠤ᠂ ᠡᠷᠢᠶᠡᠨ ᠪᠣᠭᠤᠮᠲᠠ ᠶᠢᠨ ᠬᠢᠨ ᠦᠷᠭᠦᠯᠵᠢᠯᠡᠨ ︽ᠳᠠᠩ ᠭᠠᠭᠴᠠ | ᠴᠣᠩᠬᠤᠪᠴᠢ︾ ᠪᠠᠷ ᠲᠠᠪᠴᠠᠩ ᠪᠣᠯᠭᠠᠵᠤ᠂ ︽ᠳᠠᠩ ᠭᠠᠭᠴᠠ ᠴᠣᠩᠬᠤᠪᠴᠢ︾ ᠶᠢᠨ ᠡᠯ᠎ᠡ ᠵᠦᠢᠯ ᠤᠨ ᠳᠥᠭᠦᠮ | ᠳᠥᠲᠡ ᠴᠢᠳᠠᠮᠵᠢ ᠶᠢ ᠭᠦᠢᠴᠡᠳ ᠠᠭᠤᠳᠠᠯᠵᠤ᠂ ︽ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠬᠤ︾᠂ ︽ᠬᠤᠶᠠᠷ | ᠠᠯᠬᠤᠮ ᠢᠶᠠᠷ ᠭᠤᠶᠤᠴᠢᠯᠠᠨ ᠮᠡᠳᠡᠭᠦᠯᠬᠦ︾ ᠵᠡᠷᠭᠡ ᠪᠣᠭᠤᠮᠲᠠ ᠪᠠᠷ ᠳᠥᠭᠦᠮ ᠳᠥᠲᠡ ᠥᠩᠭᠡᠷᠡᠬᠦ ᠵᠠᠭᠪᠤᠷ ᠢ | ᠯᠠᠪᠳᠠᠭᠤᠨ ᠪᠠᠲᠤᠲᠠᠢ ᠠᠬᠢᠭᠤᠯᠵᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢ ᠣᠯᠠᠨ ᠠᠷᠭ᠎ᠠ ᠵᠠᠮ ᠢᠶᠠᠷ ᠰᠠᠶᠢᠲᠤᠷ ᠬᠢᠵᠦ᠂ ᠪᠣᠭᠤᠮᠲᠠ ᠶᠢᠨ ᠥᠷᠭᠡᠨ ᠣᠯᠠᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠦᠨᠡᠨ ᠪᠣᠳᠠᠲᠠᠢ ᠲᠥᠷᠥ ᠶᠢᠨ ᠪᠣᠳᠣᠯᠭ᠎ᠠ ᠶᠢᠨ | ᠠᠰᠢᠭ ᠬᠦᠷᠲᠡᠭᠡᠵᠦ᠂ ᠪᠣᠭᠤᠮᠲᠠ ᠶᠢᠨ ᠤᠯᠠᠮ ᠨᠢᠭᠡ ᠠᠯᠬᠤᠮ ᠬᠥᠭᠵᠢᠬᠦ ᠳᠤ ᠬᠦᠴᠦᠨ ᠨᠡᠮᠡᠷᠢᠯᠡᠨ᠎ᠡ᠃ |