| | ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠠᠶᠢᠯᠳᠤᠬᠤ ᠴᠢᠳᠠᠪᠤᠷᠢ ᠶᠢ ᠳᠡᠭᠡᠭᠰᠢᠯᠡᠭᠦᠯᠦᠨ᠂ ᠦᠨᠳᠦᠰᠦᠨ | ᠱᠠᠲᠤᠨ ᠤ ᠵᠡᠪᠰᠡᠭᠲᠦ ᠬᠦᠴᠦᠨ ᠢ ᠳᠠᠪᠲᠠᠨ ᠪᠣᠯᠪᠠᠰᠤᠷᠠᠭᠤᠯᠬᠤ ᠶᠢᠨ ᠳᠣᠯᠠᠳᠠ᠂ 5 ᠰᠠᠷ᠎ᠠ ᠶᠢᠨ 13 ᠤ ᠡᠳᠦᠷ᠂ | ᠮᠠᠨ ᠤ ᠬᠤᠲᠠ 2025 ᠣᠨ ᠤ ᠰᠢᠯᠢᠳᠡᠭ ᠡᠷᠦᠬᠡ ᠶᠢᠨ ᠴᠡᠷᠢᠭ ᠤᠨ ᠲᠥᠪᠯᠡᠷᠡᠩᠭᠦᠶ ᠪᠠᠶᠢᠴᠠᠭᠠᠯᠲᠠ ᠵᠢᠴᠢ | ᠴᠡᠷᠢᠭ ᠤᠨ ᠶᠠᠪᠤᠳᠠᠯ ᠤᠨ ᠪᠣᠯᠪᠠᠰᠤᠷᠠᠯ ᠤᠨ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠪᠠ᠃ | ᠪᠦᠬᠦ ᠰᠢᠯᠢᠳᠡᠭ ᠡᠷᠦᠬᠡ ᠶᠢᠨ ᠴᠡᠷᠢᠭ ᠴᠤᠭ ᠵᠢᠪᠬᠤᠭ᠎ᠠ ᠪᠠᠳᠠᠷᠠᠩᠭᠤᠶ᠂ ᠣᠮᠤᠭ ᠵᠣᠷᠢᠭ ᠪᠠᠳᠠᠷᠠᠩᠭᠤᠢ᠂ | ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢᠯᠭᠠᠨ ᠪᠠᠶᠢᠴᠠᠭᠠᠯᠲᠠ ᠶᠢ ᠬᠦᠯᠢᠶᠡᠨ ᠠᠪᠤᠪᠠ᠃ ᠬᠤᠷᠠᠯ ᠳᠡᠭᠡᠷ᠎ᠡ᠂ | ᠡᠷᠦᠬᠡ ᠶᠢᠨ ᠴᠡᠷᠢᠭ ᠤᠨ ᠺᠠᠳ᠋ᠷ ᠤᠨ ᠭᠤᠣᠯᠯᠠᠭᠴᠢ ᠬᠦᠴᠦᠨ ᠤ ᠲᠤᠰᠢᠶᠠᠯ ᠡᠭᠦᠷᠭᠡᠯᠡᠬᠦ ᠵᠠᠷᠯᠢᠭ ᠢ ᠤᠩᠰᠢᠨ | ᠨᠡᠶᠢᠲᠡᠯᠡᠵᠦ᠂ ᠰᠢᠨ᠎ᠡ ᠨᠢᠭᠡ ᠵᠢᠯ ᠤᠨ ᠡᠷᠦᠬᠡ ᠶᠢᠨ ᠴᠡᠷᠢᠭ ᠤᠨ ᠠᠵᠢᠯ ᠤᠨ ᠡᠭᠦᠷᠭᠡ ᠶᠢ ᠲᠣᠳᠣᠷᠬᠠᠶᠢᠯᠠᠪᠠ︔ | ᠴᠡᠷᠢᠭ ᠲᠤ ᠣᠷᠣᠬᠤ ᠡᠷᠦᠬᠡ ᠶᠢᠨ ᠴᠡᠷᠢᠭ ᠤᠨ ᠲᠥᠯᠥᠭᠡᠯᠡᠭᠴᠢ ᠲᠥᠪ ᠴᠢᠩᠭ᠎ᠠ ᠪᠠᠷ ᠲᠠᠩᠭᠠᠷᠢᠭᠯᠠᠵᠤ᠂ ᠨᠠᠮ ᠳᠠᠭᠠᠨ | ᠦᠨᠡᠨᠴᠢ ᠰᠢᠳᠤᠷᠭᠤ᠂ ᠤᠯᠤᠰ ᠤᠨ ᠪᠠᠲᠤᠯᠠᠨ ᠬᠠᠮᠠᠭᠠᠯᠠᠯᠲᠠ ᠳᠤ ᠠᠮᠢ ᠪᠡᠶ᠎ᠡ ᠪᠠᠨ ᠵᠣᠷᠢᠭᠤᠯᠬᠤ ᠡᠷᠡᠰ ᠵᠣᠷᠢᠭ ᠢᠶᠠᠨ | ᠢᠯᠡᠳᠬᠡᠪᠡ᠃ | ᠬᠤᠷᠠᠯ ᠠᠴᠠ ᠱᠠᠭᠠᠷᠳᠠᠭᠰᠠᠨ ᠨᠢ᠂ ᠪᠣᠯᠪᠠᠰᠤᠷᠠᠯ ᠳᠤ ᠣᠷᠣᠯᠴᠠᠭᠰᠠᠨ ᠡᠷᠦᠬᠡ ᠶᠢᠨ ᠴᠡᠷᠢᠭ ᠴᠡᠷᠢᠭ ᠤᠨ | ᠪᠣᠯᠪᠠᠰᠤᠷᠠᠯ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ᠂ ᠢᠳᠡᠪᠬᠢᠵᠢᠯ ᠢᠶᠠᠨ ᠤᠬᠠᠮᠰᠠᠷ ᠠᠴᠠ ᠪᠠᠨ ᠴᠢᠩᠭᠠᠳᠬᠠᠵᠤ᠂ | ᠪᠠᠶᠢᠯᠳᠤᠭᠠᠨ ᠬᠢᠬᠦ᠂ ᠴᠢᠩᠭ᠎ᠠ ᠱᠠᠭᠠᠷᠳᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠲᠥᠪᠯᠡᠷᠡᠭᠦᠯᠦᠨ ᠪᠣᠯᠪᠠᠰᠤᠷᠠᠭᠤᠯᠬᠤ | ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠵᠢᠷᠤᠮᠯᠠᠵᠤ᠂ ᠴᠡᠷᠢᠭ ᠤᠨ ᠪᠠᠷᠢᠮᠵᠢᠶ᠎ᠠ ᠱᠠᠭᠠᠷᠳᠠᠯᠭ᠎ᠠ ᠶᠢ ᠴᠢᠩᠭ᠎ᠠ | ᠵᠢᠷᠤᠮᠯᠠᠨ᠂ ᠬᠤᠪᠢᠰᠬᠠᠯᠲᠤ ᠴᠡᠷᠢᠭ ᠤᠨ ︽ᠵᠣᠪᠠᠭᠤᠷᠢ ᠵᠦᠳᠡᠭᠦᠷᠢ ᠶᠢ ᠠᠮᠰᠠᠵᠤ ᠴᠢᠳᠠᠬᠤ᠂ ᠪᠠᠶᠢᠯᠳᠤᠵᠤ ᠴᠢᠳᠠᠬᠤ︾ | ᠰᠢᠯᠢᠳᠡᠭ ᠰᠤᠷᠲᠠᠯ ᠢ ᠪᠠᠳᠠᠷᠠᠭᠤᠯᠵᠤ᠂ ᠪᠣᠯᠪᠠᠰᠤᠷᠠᠯ ᠤᠨ ᠶᠠᠰᠤ ᠴᠢᠨᠠᠷ ᠢᠶᠠᠨ ᠦᠨᠡᠨ ᠬᠦ ᠳᠡᠭᠡᠭᠰᠢᠯᠡᠭᠦᠯᠵᠦ᠂ ᠪᠦᠬᠦ | ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠰᠢᠨ᠎ᠡ | ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ |