| | ᠡᠨᠡ ᠵᠢᠯ ᠤᠨ 5 ᠳ᠋ᠤᠭᠠᠷ ᠰᠠᠷ᠎ᠠ ᠶᠢᠨ 12 ᠤᠨ ᠡᠳᠦᠷ ᠪᠣᠯ 17 ᠳ᠋ᠤᠭᠠᠷ ︽ᠪᠦᠬᠦ ᠤᠯᠤᠰ ᠤᠨ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾ ᠪᠣᠯᠤᠨ᠎ᠠ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢ | ᠤᠬᠠᠭᠤᠯᠬᠤ ᠪᠠ ᠲᠦᠭᠡᠮᠡᠯᠵᠢᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠥᠮᠦᠨ ᠪᠦᠬᠦᠨ ᠣᠷᠣᠯᠴᠠᠭᠰᠠᠨ ᠰᠠᠶᠢᠨ | ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠲᠤᠬᠠᠶ ᠶᠢᠨ ᠡᠳᠦᠷ᠂ ᠮᠠᠨ ᠤ ᠬᠤᠲᠠ | 2025 ᠣᠨ ᠤ ᠪᠥᠬᠦ ᠤᠯᠤᠰ ᠤᠨ ︽ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾ ᠤᠨ ᠭᠤᠤᠯ ᠰᠡᠳᠦᠪᠲᠦ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯᠲᠠᠳ ᠠᠰᠠᠭᠤᠨ | ᠯᠠᠪᠯᠠᠬᠤ ᠲᠠᠪᠴᠠᠩ ᠪᠠᠶᠢᠭᠤᠯᠬᠤ᠂ ᠰᠣᠯᠢᠯᠴᠠᠨ ᠬᠥᠳᠡᠯᠦᠯᠴᠡᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠨᠠᠰᠢ ᠴᠠᠰᠢ ᠥᠩᠭᠡᠷᠡᠬᠦ ᠬᠤᠲᠠ ᠶᠢᠨ ᠠᠷᠠᠳ ᠲᠤ ᠭᠠᠯ ᠤᠨᠲᠠᠷᠠᠭᠠᠬᠤ ᠮᠡᠳᠡᠯᠭᠡ᠂ | ᠥᠪᠡᠷ ᠢ ᠪᠠᠨ ᠠᠪᠤᠷᠬᠠᠤ ᠤᠷ᠎ᠠ ᠮᠡᠷᠭᠡᠵᠢᠯ᠂ ᠠᠪᠤᠷᠠᠨ ᠲᠤᠰᠠᠯᠠᠬᠤ ᠪᠠᠭᠠᠵᠢ ᠬᠡᠷᠡᠭᠰᠡᠯ ᠤᠨ ᠴᠢᠳᠠᠮᠵᠢ ᠪᠠ ᠬᠡᠷᠡᠭᠯᠡᠬᠦ ᠠᠷᠭ᠎ᠠ | ᠵᠡᠷᠭᠡ ᠶᠢ ᠨᠠᠷᠢᠨ ᠲᠠᠶᠢᠯᠪᠤᠷᠢᠯᠠᠵᠤ᠂ ᠣᠯᠠᠨ ᠲᠦᠮᠡᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠵᠡᠯ | ᠤᠬᠠᠮᠰᠠᠷ ᠢ ᠦᠨᠡᠨ ᠬᠦ ᠴᠢᠩᠭᠠᠳᠬᠠᠵᠤ᠂ ᠭᠠᠮᠰᠢᠭ ᠤᠨ ᠲᠦᠭᠰᠢᠭᠦᠷᠢ ᠶᠢ ᠬᠠᠮᠲᠤ ᠪᠠᠷ ᠰᠡᠷᠭᠡᠶᠢᠯᠡᠬᠦ ᠨᠡᠶᠢᠭᠡᠮ ᠤᠨ ᠠᠭᠤᠷ | ᠠᠮᠢᠰᠬᠤᠯ ᠢ ᠪᠣᠶ ᠪᠣᠯᠭᠠᠪᠠ᠃ | ᠠᠵᠢᠯᠯᠠᠭ᠎ᠠ ᠶᠢᠨ ᠳᠤᠮᠳᠠ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠰᠠᠶᠢᠨ ᠳᠤᠷ᠎ᠠ ᠶᠢᠨ | ᠠᠵᠢᠯᠯᠠᠭᠴᠢ ᠪᠠᠰᠠ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠭᠤᠯᠤᠯ ᠥᠷᠨᠢᠭᠦᠯᠵᠦ᠂ ᠳᠠᠭᠤᠷᠢᠶᠠᠮᠠᠯ | ᠰᠣᠷᠢᠯᠲᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠲᠠ ᠶᠢᠨ ᠠᠷᠠᠳ ᠲᠤ ᠵᠢᠷᠦᠬᠡ ᠠᠭᠤᠰᠬᠢ ᠶᠢ ᠰᠡᠷᠭᠦᠭᠡᠬᠦ᠂ | ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠵᠡᠷᠭᠡ ᠲᠦᠷᠭᠡᠨ ᠠᠪᠤᠷᠠᠬᠤ ᠮᠡᠳᠡᠯᠭᠡ ᠶᠢ ᠲᠠᠶᠢᠯᠪᠤᠷᠢᠯᠠᠨ ᠥᠭᠴᠦ᠂ | ᠰᠠᠭᠤᠭᠠᠯᠢ ᠠᠷᠠᠳ ᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠪᠡ᠃ | ᠤᠢᠢᠷ᠎ᠠ ᠶᠢᠨ ᠵᠢᠯ ᠠᠴᠠ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ | ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠪᠠᠶᠢᠭᠠᠯᠢ ᠶᠢᠨ | ᠭᠠᠮᠰᠢᠭ ᠢ ᠪᠦᠲᠦᠮᠵᠢᠲᠡᠢ ᠰᠡᠷᠭᠡᠶᠢᠯᠡᠨ ᠠᠷᠭᠠᠴᠠᠭᠠᠬᠤ ᠶᠢ ᠢᠮᠠᠭᠲᠠ ᠵᠠᠰᠠᠭ ᠤᠨ ᠣᠷᠳᠣᠨ ᠤ ᠠᠵᠢᠯ ᠤᠨ ᠴᠢᠬᠤᠯᠠ | ᠬᠠᠷᠢᠭᠤᠴᠠᠯᠭ᠎ᠠ ᠪᠣᠯᠭᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠪᠠ᠃ | ᠣᠶᠢᠯᠠᠭᠠᠭᠰᠠᠨ ᠢᠶᠠᠷ᠂ ᠡᠨᠡ ᠵᠢᠯ ᠤᠨ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠡᠳᠦᠷ ᠤᠨ ᠭᠤᠤᠯ ᠰᠡᠳᠦᠪ ᠪᠣᠯ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ | ᠪᠠᠶᠢᠳᠠᠯ ᠢ ᠠᠷᠭᠠᠴᠠᠭᠠᠬᠤ - ᠳᠡᠷᠭᠡᠳᠡᠬᠢ ᠭᠠᠮᠰᠢᠭ ᠤᠨ ᠳᠠᠯᠳᠠ ᠬᠡᠮ ᠢ ᠪᠠᠶᠢᠴᠠᠭᠠᠬᠤ︾ ᠪᠣᠯᠤᠨ᠎ᠠ᠃ ᠲᠠᠷᠠᠭᠠᠴᠢ ᠶᠢᠨ | ᠠᠯᠬᠤᠮ ᠳᠤ᠂ ᠮᠠᠨ ᠤ ᠬᠤᠲᠠ ︽ᠵᠢᠷᠭᠤᠭ᠎ᠠ ᠶᠢ ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤᠵᠢᠭᠤᠯᠤᠨ | ᠥᠷᠨᠢᠭᠦᠯᠵᠦ᠂ ᠪᠥᠬᠦ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠮᠰᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠴᠢᠳᠠᠪᠤᠷᠢ ᠶᠢ ᠤᠯᠠᠮ ᠨᠢᠭᠡ ᠠᠯᠬᠤᠮ | ᠴᠢᠩᠭᠠᠳᠬᠠᠨ᠎ᠠ᠃ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠵᠤ᠂ | ᠠᠰᠠᠭᠤᠳᠠᠯ ᠢ ᠴᠤᠬᠤᠶᠢᠬᠤ ᠦᠶ᠎ᠡ᠂ ᠭᠠᠮᠰᠢᠭ ᠪᠣᠯᠬᠤ ᠠᠴᠠ ᠡᠮᠦᠨ᠎ᠡ ᠦᠨᠡᠨ ᠬᠦ ᠰᠢᠢᠳᠪᠦᠷᠢᠯᠡᠵᠦ᠂ ᠠᠮᠤᠷ ᠲᠦᠪᠰᠢᠨ | ᠬᠥᠭᠵᠢᠯᠲᠡ ᠶᠢᠨ ᠰᠠᠭᠤᠷᠢ ᠶᠢ ᠦᠷᠭᠦᠯᠵᠢᠯᠡᠨ ᠪᠠᠲᠤ ᠴᠣᠭᠴᠠᠯᠠᠵᠤ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠳᠤ | ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ | |