| | ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ ︵2025 ᠣᠨ ᠤ 5 | ᠰᠠᠷ᠎ᠠ ᠶᠢᠨ 13 ᠤ ᠡᠳᠦᠷ᠂ ᠪᠡᠭᠡᠵᠢᠩ ᠳᠤ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠦᠨᠳᠦᠲᠦ ᠶᠡᠷᠦᠩᠬᠡᠶᠢᠯᠡᠭᠴᠢ ᠫᠤᠳ᠋ᠷᠤ᠋᠂ | ᠬᠦᠨᠳᠦᠲᠦ ᠶᠡᠷᠦᠩᠬᠡᠶᠢᠯᠡᠭᠴᠢ ᠯᠦᠯᠠ᠂ | ᠬᠦᠨᠳᠦᠲᠦ ᠶᠡᠷᠦᠩᠬᠡᠶᠢᠯᠡᠭᠴᠢ ᠪᠦᠧᠧᠯᠢᠴᠢ᠂ | ᠬᠦᠨᠳᠦᠲᠦ ᠪᠠᠩᠬᠢ ᠶᠢᠨ ᠳᠠᠷᠤᠭ᠎ᠠ ᠷᠤᠰᠤᠹ᠂ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ | ᠤᠯᠤᠰ ᠤᠨ ᠲᠥᠯᠥᠭᠡᠯᠡᠭᠴᠢᠳ᠂ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋᠄ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠢᠨ᠎ᠡ ᠬᠠᠭᠤᠴᠢᠨ ᠨᠠᠶᠢᠵᠠ ᠨᠠᠷ ᠲᠠᠢ ᠪᠡᠭᠡᠵᠢᠩ ᠳᠤ | ᠴᠤᠭᠯᠠᠷᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ | ᠤᠯᠤᠰ ᠤᠨ ᠠᠷᠠᠳ ᠲᠦᠮᠡᠨ ᠤ ᠡᠮᠦᠨ᠎ᠡ ᠠᠴᠠ ᠤᠯᠠᠨ ᠤ ᠬᠦᠷᠴᠦ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ | ᠢᠯᠡᠳᠬᠡᠶ᠎ᠡ︕ | 2015 ᠣᠨ ᠳᠤ᠂ ᠪᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠲᠥᠯᠥᠭᠡᠯᠡᠭᠴᠢᠳ ᠲᠠᠢ | ᠬᠠᠮᠲᠤ ᠪᠠᠷ ᠪᠡᠭᠡᠵᠢᠩ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠠᠩᠬᠠᠳᠤᠭᠠᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ | ᠡᠭᠢᠯᠡᠯᠲᠡ ᠶᠢᠨ ᠶᠣᠰᠣᠯᠠᠯ ᠳᠤ ᠣᠷᠣᠯᠴᠠᠵᠤ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠢ ᠲᠤᠩᠬᠠᠭᠯᠠᠪᠠ᠃ 10 | ᠵᠢᠯ ᠤᠨ ᠲᠤᠷᠰᠢ᠂ ᠬᠤᠶᠠᠷ ᠲᠠᠯ᠎ᠠ ᠶᠢᠨ ᠨᠢᠮᠪᠠᠢ ᠪᠤᠶᠢᠵᠢᠭᠤᠯᠤᠯᠲᠠ ᠳᠣᠣᠷ᠎ᠠ᠂ ᠳᠤᠮᠳᠠᠳᠤ ᠤᠯᠤᠰ — ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠨᠢ ᠨᠢᠭᠡᠨ ᠨᠢᠯᠬ᠎ᠠ ᠴᠢᠬᠢ | ᠪᠠᠶᠢᠭᠰᠠᠨ ᠠᠴᠠ ᠪᠠᠨ ᠲᠣᠮᠣ ᠮᠣᠳᠣ ᠪᠣᠯᠵᠤ ᠪᠤᠶᠢᠵᠢᠭᠰᠠᠨ ᠳᠤ ᠪᠢ ᠮᠠᠰᠢ ᠪᠠᠶᠠᠷᠯᠠᠵᠤ ᠪᠠᠶᠢᠨ᠎ᠠ᠃ | ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠣᠷᠣᠨ ᠯᠤᠭ᠎ᠠ ᠠᠯᠤᠰ ᠬᠤᠯᠠ ᠵᠠᠶᠢᠲᠠᠢ ᠪᠤᠯᠪᠠᠴᠤ | ᠬᠤᠶᠠᠷ ᠲᠠᠯ᠎ᠠ ᠶᠢᠨ ᠨᠥᠭᠦᠷᠰᠡᠭ ᠶᠠᠪᠤᠯᠴᠠᠭ᠎ᠠ ᠥᠨᠢ ᠤᠳᠠᠭᠠᠨ ᠲᠡᠦᠬᠡ ᠲᠠᠢ ᠶᠤᠮ᠃ ᠠᠯᠢ ᠡᠷᠲᠡ 16 ᠳ᠋ᠤᠭᠠᠷ ᠵᠠᠭᠤᠨ ᠳᠤ | ᠂ ᠨᠥᠬᠦᠷᠯᠡᠯ ᠢ ᠳᠦᠭᠦᠷᠡᠩ ᠠᠴᠢᠶᠠᠯᠠᠭᠰᠠᠨ ᠠᠯᠢ ᠤᠯᠠᠨ ︽ᠳᠤᠮᠳᠠᠳᠤ ᠤᠯᠤᠰ ᠤᠨ ᠬᠥᠯᠭᠡ ᠣᠩᠭᠤᠴᠠ︾ ᠨᠣᠮᠣᠬᠠᠨ | ᠳᠠᠯᠠᠢ ᠶᠢᠨ ᠬᠤᠶᠠᠷ ᠭᠦᠪᠡᠭᠡ ᠪᠠᠷ ᠰᠦᠯᠵᠢᠯᠳᠦᠵᠦ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠶᠠᠪᠤᠯᠴᠠᠭ᠎ᠠ ᠰᠣᠯᠢᠯᠴᠠᠭᠠᠨ ᠤ ᠬᠥᠰᠢᠭᠡ ᠶᠢ ᠰᠡᠬᠦᠭᠰᠡᠨ ᠶᠤᠮ᠃ ᠳᠡᠭᠡᠷ᠎ᠡ ᠵᠠᠭᠤᠨ ᠤ ᠵᠢᠷᠠᠭᠠᠳ ᠣᠨ ᠠᠴᠠ | ᠰᠡᠭᠦᠯᠡᠷ᠂ ᠰᠢᠨ᠎ᠡ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠵᠠᠷᠢᠮ ᠤᠯᠤᠰ ᠤᠳ ᠲᠠᠢ ᠬᠠᠷᠢᠯᠴᠠᠭ᠎ᠠ | ᠪᠠᠶᠢᠭᠤᠯᠬᠤ ᠶᠢ ᠳᠠᠭᠠᠯᠳᠤᠨ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠰᠣᠯᠢᠯᠴᠠᠭ᠎ᠠ ᠬᠠᠮᠲᠤᠷᠠᠯᠴᠠᠭ᠎ᠠ ᠤᠯᠠᠮ ᠢᠶᠠᠷ ᠨᠢᠭᠲᠠᠷᠠᠵᠤ ᠢᠷᠡᠪᠡ᠃ ᠰᠢᠨ᠎ᠡ ᠵᠠᠭᠤᠨ ᠠᠴᠠ ᠨᠠᠭᠠᠰᠢ ᠢᠯᠠᠩᠭᠤᠶ᠎ᠠ | ᠣᠶᠢᠷ᠎ᠠ ᠶᠢᠨ ᠵᠢᠯ ᠠᠴᠠ ᠨᠠᠭᠠᠰᠢ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠬᠤᠪᠢ | ᠵᠠᠶᠠᠭ᠎ᠠ ᠪᠠᠨ ᠬᠠᠮᠲᠤᠳᠬᠠᠭᠰᠠᠨ ᠳᠠᠭᠤᠷᠢᠰᠬᠠᠯ ᠢ ᠲᠠᠰᠤᠷᠠᠯᠳᠠ ᠦᠭᠡᠢ ᠪᠢᠴᠢᠭᠯᠡᠪᠡ᠃ | — ᠪᠢᠳᠡ ᠭᠠᠷ ᠬᠤᠯᠪᠣᠨ ᠮᠥᠷᠥ ᠵᠡᠷᠭᠡᠴᠡᠵᠦ᠂ ᠬᠠᠷᠢᠯᠴᠠᠨ ᠳᠡᠮᠵᠢᠯᠴᠡᠪᠡ᠃ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠢᠮᠠᠭᠲᠠ ᠨᠢᠭᠡ ᠳᠤᠮᠳᠠᠳᠤ ᠤᠯᠤᠰ ᠪᠠᠶᠢᠬᠤ | ᠵᠠᠷᠴᠢᠮ ᠢ ᠪᠠᠷᠢᠮᠲᠠᠯᠠᠵᠤ ᠪᠠᠶᠢᠬᠤ ᠶᠢ ᠳᠤᠮᠳᠠᠳᠤ ᠤᠯᠤᠰ ᠮᠠᠭᠲᠠᠨ ᠰᠠᠶᠢᠰᠢᠶᠠᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ | ᠲᠡᠮᠵᠢᠵᠥ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠤᠯᠤᠰ ᠤᠨ ᠡᠷᠬᠡ ᠮᠡᠳᠡᠯ ᠪᠠ ᠲᠤᠰᠠᠭᠠᠷ | ᠲᠣᠭᠲᠠᠨᠢᠯ ᠢᠶᠠᠨ ᠬᠠᠮᠠᠭᠠᠯᠠᠬᠤ ᠶᠢ ᠲᠡᠮᠵᠢᠵᠥ᠂ ᠭᠠᠳᠠᠭᠠᠳᠤ ᠶᠢᠨ ᠬᠢᠨ ᠤ ᠭᠠᠷ ᠲᠦᠷᠦᠭᠦ ᠶᠢ ᠡᠰᠡᠷᠭᠦᠴᠡᠨ᠎ᠡ᠃ ᠳᠡᠭᠡᠷ᠎ᠡ | ᠵᠠᠭᠤᠨ ᠤ ᠵᠢᠷᠠᠭᠠᠳ ᠣᠨ ᠳᠤ᠂ ᠳᠤᠮᠳᠠᠳᠤ ᠤᠯᠤᠰ ᠤᠨ ᠡᠯ᠎ᠡ ᠭᠠᠵᠠᠷ ᠲᠤ ᠶᠡᠭᠡ ᠬᠡᠪᠴᠢᠶᠡᠨ ᠤ ᠤᠯᠠᠨ ᠲᠦᠮᠡᠨ ᠤ | ᠵᠢᠭᠰᠠᠭᠠᠯ ᠶᠠᠪᠤᠭᠤᠯᠵᠤ᠂ ᠫᠠᠨᠠᠮᠠ ᠶᠢᠨ ᠠᠷᠠᠳ ᠲᠦᠮᠡᠨ ᠤ ᠲᠠᠲᠠᠮᠠᠯ ᠭᠤᠣᠯ ᠤᠨ ᠡᠷᠬᠡ ᠮᠡᠳᠡᠯ ᠢᠶᠠᠨ ᠪᠤᠴᠠᠭᠠᠨ ᠠᠪᠬᠤ ᠶᠢ | ᠳᠡᠮᠵᠢᠪᠡ︔ ᠳᠠᠯᠠᠭᠠᠳ ᠣᠨ ᠳᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ 200 ᠮᠢᠯ ᠳᠠᠯᠠᠢ | ᠲᠠᠩᠭᠢᠰ ᠤᠨ ᠡᠷᠬᠡ ᠶᠢ ᠬᠠᠮᠠᠭᠠᠯᠠᠬᠤ ᠲᠡᠮᠡᠴᠡᠯ ᠥᠷᠨᠢᠭᠦᠯᠵᠦ᠂ ᠳᠤᠮᠳᠠᠳᠤ ᠤᠯᠤᠰ ᠲᠤᠭ ᠲᠡᠮᠳᠡᠭ ᠲᠣᠳᠣᠷᠬᠠᠢ ᠪᠠᠷ ᠥᠷᠭᠡᠨ | ᠤᠯᠠᠨ ᠬᠥᠭᠵᠢᠵᠦ ᠪᠠᠶᠢᠭ᠎ᠠ ᠤᠯᠤᠰ ᠤᠨ ᠵᠦᠢ ᠶᠣᠰᠣᠨ ᠤ ᠱᠠᠭᠠᠷᠳᠠᠯᠭ᠎ᠠ ᠶᠢ ᠳᠡᠮᠵᠢᠪᠡ᠃ 1992 ᠣᠨ ᠠᠴᠠ ᠨᠠᠭᠠᠰᠢ᠂ | ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠳᠤ ᠵᠠᠯᠭᠠᠭ᠎ᠠ ᠪᠠᠷ 32 ᠤᠳᠠᠭ᠎ᠠ | ᠪᠢᠯᠧᠲ ᠥᠭᠴᠦ᠂ ᠠᠮᠧᠷᠢᠺᠠ ᠶᠢᠨ ᠺᠦᠪᠡ ᠶᠢ ᠪᠢᠲᠡᠭᠦᠮᠵᠢᠯᠡᠬᠦ ᠶᠢ ᠵᠣᠭᠰᠤᠭᠠᠬᠤ ᠰᠢᠢᠳᠪᠦᠷᠢ ᠶᠢ ᠳᠡᠮᠵᠢᠪᠡ᠃ | — ᠪᠢᠳᠡ ᠤᠷᠤᠰᠬᠠᠯ ᠤᠨ ᠡᠮᠦᠨ᠎ᠡ ᠬᠤᠰᠢᠭᠤᠷᠠᠬᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠲᠡᠪᠠ᠃ | ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠬᠤᠶᠠᠷ ᠲᠠᠯ᠎ᠠ ᠪᠠᠷ ᠢᠶᠠᠨ ᠠᠵᠤ | ᠠᠬᠤᠢ ᠶᠢᠨ ᠳᠡᠯᠡᠬᠡᠶᠢᠵᠢᠯᠲᠡ ᠶᠢᠨ ᠶᠡᠭᠡ ᠬᠠᠨᠳᠤᠰᠢ ᠳᠤ ᠵᠣᠬᠢᠴᠠᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠮᠥᠩᠭᠦᠨ | ᠭᠦᠢᠯᠭᠡᠭᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ | ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠠᠬᠢᠭᠤᠯᠪᠠ᠃ | ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠪᠣᠷᠣ | ᠲᠥᠯᠥᠪ ᠤᠨ ᠳᠣᠲᠣᠷ᠎ᠠ 200 ᠭᠠᠷᠤᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠡᠷᠡᠭᠵᠢᠭᠦᠯᠵᠦ᠂ ᠵᠠᠭᠤᠨ ᠲᠦᠮᠡ ᠭᠠᠷᠤᠢ ᠠᠵᠢᠯ ᠤᠨ ᠪᠠᠶᠢᠷᠢ ᠶᠢ ᠡᠭᠦᠳᠪᠡ᠃ ᠳᠤᠮᠳᠠᠳᠤ ᠤᠯᠤᠰ — ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠳᠠᠭᠠᠭᠤᠯᠢ ᠤᠳᠤᠨ ᠤ ᠬᠠᠮᠲᠤᠷᠠᠯᠴᠠᠭ᠎ᠠ ᠨᠢ ᠳᠡᠭᠡᠳᠦ ᠮᠡᠷᠭᠡᠵᠢᠯ ᠤᠨ | ᠬᠦᠷᠢᠶᠡᠨ ᠳᠠᠬᠢ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠪᠣᠯᠵᠤ᠂ ᠫᠧᠷᠦ᠋ ᠶᠢᠨ | ᠴᠢᠶᠠᠨᠺᠠᠢ ᠭᠠᠷᠠᠮ ᠢ ᠤᠷᠤᠭᠰᠢᠲᠠᠢ ᠪᠠᠷ ᠠᠰᠢᠭᠯᠠᠯᠲᠠ ᠳᠤ ᠣᠷᠣᠭᠤᠯᠵᠤ ᠠᠽᠢᠶ᠎ᠠ ᠯᠠᠲ᠋ᠢᠨ ᠠᠮᠧᠷᠢᠺᠠ ᠶᠢᠨ ᠡᠬᠡ ᠬᠠᠭᠤᠷᠠᠢ | ᠲᠠᠯᠠᠢ ᠲᠠᠩᠭᠢᠰ ᠤᠨ ᠰᠢᠨ᠎ᠡ ᠨᠡᠪᠲᠡᠷᠡᠬᠦ ᠵᠠᠮ ᠢ ᠨᠡᠭᠡᠭᠡᠪᠡ᠃ ᠳᠤᠮᠳᠠᠳᠤ ᠤᠯᠤᠰ ᠴᠢᠯᠢ᠂ ᠫᠧᠷᠦ᠋᠂ ᠺᠤᠰᠲ᠋ᠠ ᠷᠢᠺᠠ᠂ | ᠡᠺᠦ᠋ᠸᠠᠳᠣᠷ᠂ ᠨᠢᠺᠠᠷᠠᠭᠤᠸᠠ ᠵᠡᠷᠭᠡ ᠤᠯᠤᠰ ᠲᠠᠢ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ | ᠨᠢᠳᠤᠨᠤᠨ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠠᠷᠠᠯᠵᠢᠶᠠᠨ ᠤ | ᠬᠡᠮᠵᠢᠶ᠎ᠡ ᠠᠩᠬ᠎ᠠ ᠤᠳᠠᠭ᠎ᠠ 5000 ᠳ᠋ᠦᠩᠰᠢᠭᠤᠷ ᠳ᠋ᠣᠯᠯᠠᠷ ᠢ ᠳᠠᠪᠠᠵᠤ᠂ ᠲᠤᠰ ᠵᠠᠭᠤᠨ ᠤ ᠡᠬᠢᠨ ᠤ ᠦᠶ᠎ᠡ ᠶᠢᠨ 40 | ᠭᠠᠷᠤᠢ ᠳᠠᠭᠢᠨ ᠲᠠᠢ ᠲᠡᠩᠴᠡᠪᠡ᠃ | — ᠪᠢᠳᠡ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠪᠠ᠃ | ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠬᠤᠶᠠᠷ ᠲᠠᠯ᠎ᠠ ᠪᠠᠷ ᠢᠶᠠᠨ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ | ᠳᠠᠯᠠᠢ ᠶᠢᠨ ᠰᠢᠭᠤᠷᠭ᠎ᠠ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠢ ᠭᠠᠷ ᠬᠤᠯᠪᠣᠨ ᠠᠷᠭᠠᠴᠠᠭᠠᠪᠠ᠃ | ᠳᠤᠮᠳᠠᠳᠤ ᠤᠯᠤᠰ 1993 ᠣᠨ ᠠᠴᠠ ᠡᠬᠢᠯᠡᠨ ᠤᠷᠢᠳ ᠬᠤᠵᠢᠳ ᠺᠠᠷᠢᠪᠧ ᠶᠢᠨ ᠤᠯᠤᠰ ᠤᠳ ᠲᠤ 38 ᠪᠦᠯᠦᠭ | ᠤᠳᠠᠭ᠎ᠠ ᠶᠢᠨ ᠡᠮᠴᠢᠯᠡᠭᠡᠨ ᠤ ᠠᠩᠭᠢ ᠲᠣᠮᠢᠯᠠᠪᠠ᠃ ᠡᠷᠢᠨ ᠵᠠᠭᠤᠨ ᠤ ᠬᠢᠵᠢᠭ ᠤᠨ ᠪᠠᠶᠢᠳᠠᠯ ᠤᠨ ᠡᠮᠦᠨ᠎ᠡ᠂ ᠳᠤᠮᠳᠠᠳᠤ | ᠤᠯᠤᠰ ᠡᠩ ᠲᠡᠷᠢᠭᠦᠨ ᠳᠤ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠤ 3 ᠳ᠋ᠦᠩᠰᠢᠭᠤᠷ ᠭᠠᠷᠤᠢ ᠰᠢᠷᠬᠡᠭ | ᠸᠠᠺᠼᠢᠨ ᠪᠠ 4000 ᠲᠦᠮᠡ ᠰᠢᠬᠠᠮ ᠬᠤᠪᠢ ᠡᠮᠴᠢᠯᠡᠭᠡᠨ ᠤ ᠡᠳ᠋ ᠪᠣᠳᠠᠰ ᠲᠥᠬᠦᠭᠡᠷᠦᠮᠵᠢ ᠬᠠᠩᠭᠠᠵᠤ᠂ ᠤᠯᠠᠨ | ᠡᠮᠴᠢᠯᠡᠭᠡᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠣᠮᠢᠯᠠᠨ ᠲᠤᠰᠠᠯᠠᠵᠤ᠂ ᠭᠠᠵᠠᠷ ᠣᠷᠣᠨ ᠤ ᠤᠯᠤᠰ ᠤᠳ ᠤᠨ ᠲᠦᠭ | ᠲᠦᠮᠡᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠳᠤ ᠬᠦᠴᠦᠨ ᠨᠡᠮᠡᠷᠢᠯᠡᠪᠡ᠃ | — ᠪᠢᠳᠡ ᠪᠦᠯᠬᠦᠮᠳᠡᠨ ᠬᠠᠮᠵᠢᠯᠴᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠪᠡ᠃ ᠳᠤᠮᠳᠠᠳᠤ ᠤᠯᠤᠰ | — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠬᠤᠶᠠᠷ ᠲᠠᠯ᠎ᠠ ᠪᠠᠷ ᠢᠶᠠᠨ ᠵᠢᠩᠬᠢᠨᠢ ᠤᠯᠠᠨ ᠲᠠᠯᠠᠲᠤ ᠦᠵᠡᠯ ᠢ | ᠦᠢᠯᠡᠳᠦᠯᠭᠡᠵᠢᠭᠦᠯᠵᠦ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠵᠤ᠂ ᠪᠦᠭᠦ | ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠠᠬᠢᠭᠤᠯᠵᠤ᠂ ᠳᠡᠯᠡᠬᠡᠢ ᠶᠢᠨ ᠤᠯᠠᠨ ᠲᠦᠢᠯᠵᠢᠯᠳᠠ | ᠪᠣᠯᠣᠨ ᠤᠯᠠᠨ ᠤᠯᠤᠰ ᠤᠨ ᠬᠠᠷᠢᠯᠴᠠᠭ᠎ᠠ ᠶᠢᠨ ᠠᠷᠠᠳᠴᠢᠯᠠᠯ ᠢ ᠠᠬᠢᠭᠤᠯᠪᠠ᠃ ᠪᠢᠳᠡ ᠠᠭᠤᠷ ᠠᠮᠢᠰᠬᠤᠯ ᠤᠨ ᠬᠤᠪᠢᠷᠠᠯᠲᠠ | ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠢᠳᠡᠪᠬᠢᠲᠡᠢ ᠠᠷᠭᠠᠴᠠᠭᠠᠵᠤ᠂ ᠪᠦᠭᠦ ᠪᠥᠮᠪᠥᠷᠴᠡᠭ ᠤᠨ ᠠᠮᠢᠳᠤ | ᠪᠣᠳᠠᠰ ᠤᠨ ᠤᠯᠠᠨ ᠶᠠᠩᠵᠤᠲᠤ ᠴᠢᠨᠠᠷ ᠤᠨ ᠵᠠᠰᠠᠯᠲᠠ ᠶᠢᠨ ᠠᠬᠢᠴᠠ ᠶᠢ ᠬᠠᠮᠲᠤ ᠪᠠᠷ ᠠᠬᠢᠭᠤᠯᠪᠠ᠃ ᠳᠤᠮᠳᠠᠳᠤ ᠤᠯᠤᠰ | ᠪᠷᠠᠽᠢᠯ ᠲᠠᠢ ᠬᠠᠮᠲᠤᠷᠠᠨ ᠦᠺᠷᠠᠶᠢᠨ ᠤ ᠬᠢᠮᠤᠷᠠᠯ ᠢ ᠤᠯᠤᠰ ᠲᠥᠷᠥ ᠶᠢᠨ ᠠᠷᠭ᠎ᠠ ᠪᠠᠷ ᠰᠢᠢᠳᠪᠦᠷᠢᠯᠡᠬᠦ ︽ᠵᠢᠷᠭᠤᠭᠠᠨ | ᠲᠠᠯ᠎ᠠ ᠶᠢᠨ ᠬᠠᠮᠲᠤ ᠶᠢᠨ ᠲᠠᠨᠢᠯᠲᠠ︾ ᠶᠢ ᠨᠡᠶᠢᠲᠡᠯᠡᠵᠦ᠂ 110 ᠭᠠᠷᠤᠢ ᠤᠯᠤᠰ ᠤᠨ ᠢᠳᠡᠪᠬᠢᠲᠡᠢ ᠬᠦᠷᠢᠶᠡᠯᠡᠯ ᠢ ᠣᠯᠵᠤ᠂ | ᠣᠯᠠᠨ ᠤᠯᠤᠰ ᠤᠨ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃ | | ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠨᠢᠭᠡᠨᠲᠡ ᠭᠠᠷ ᠬᠤᠯᠪᠣᠨ | ᠬᠠᠮᠲᠤ ᠪᠠᠷ ᠤᠷᠤᠭᠰᠢᠯᠠᠬᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠤᠭᠰᠠᠨ ᠢ ᠪᠣᠳᠠᠲᠤ ᠶᠠᠪᠤᠳᠠᠯ ᠭᠡᠷᠡᠴᠢᠯᠡᠪᠡ᠂ | ᠲᠡᠭᠦᠨ ᠤ ᠢᠯᠡ ᠲᠣᠳᠣ ᠳᠡᠪᠢᠰᠬᠡᠷ ᠥᠩᠭᠡ ᠪᠣᠯ ᠡᠷᠬᠡ ᠲᠡᠭᠰᠢ ᠪᠠᠷ ᠬᠠᠨᠳᠤᠯᠴᠠᠬᠤ ᠪᠣᠯᠣᠨ᠎ᠠ᠂ ᠬᠦᠴᠦᠷᠬᠡᠭ ᠶᠡᠭᠡ | ᠬᠥᠳᠡᠯᠭᠡᠬᠦ ᠬᠦᠴᠦᠨ ᠪᠣᠯ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠪᠣᠯᠣᠨ᠎ᠠ᠂ ᠬᠡᠬᠦᠳᠡᠭ ᠴᠡᠭᠡᠵᠢ ᠳᠡᠭᠡᠨ | ᠪᠠᠭᠲᠠᠭᠠᠵᠤ ᠪᠠᠶᠢᠭ᠎ᠠ ᠵᠠᠩ ᠰᠤᠷᠲᠠᠯ ᠪᠣᠯ ᠨᠡᠭᠡᠭᠡᠯᠲᠡᠲᠡᠢ ᠪᠠᠭᠲᠠᠭᠠᠮᠵᠢᠲᠠᠢ᠂ ᠦᠨᠳᠦᠰᠦᠨ ᠬᠥᠭᠡᠭᠡᠴᠡᠯᠳᠦᠯ ᠪᠣᠯ ᠠᠷᠠᠳ | ᠲᠦᠮᠡᠨ ᠳᠤ ᠪᠤᠶᠠᠨ ᠦᠢᠯᠡᠳᠬᠦ ᠪᠠᠶᠢᠵᠤ᠂ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠪᠠ ᠥᠷᠭᠡᠨ ᠠᠭᠤᠳᠠᠮ | ᠬᠥᠭᠵᠢᠯᠲᠡ ᠶᠢᠨ ᠠᠯᠤᠰ ᠢᠷᠡᠭᠡᠳᠦᠢ ᠲᠠᠢ ᠶᠤᠮ᠃ | ᠡᠷᠬᠢᠮ ᠵᠣᠴᠢᠳ ᠠ᠋᠂ ᠨᠠᠶᠢᠵᠠ ᠨᠠᠷ ᠠ᠋︕ | ᠣᠳᠣᠬᠠᠨ ᠳᠤ᠂ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ | ᠤᠯᠠᠷᠢᠵᠤ᠂ ᠤᠯᠠᠨ ᠳᠠᠪᠬᠤᠷ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ ᠪᠠᠶᠢᠨ᠎ᠠ᠂ ᠡᠯ᠎ᠡ ᠤᠯᠤᠰ ᠭᠠᠭᠴᠠ ᠬᠦ | ᠪᠦᠯᠬᠦᠮᠳᠡᠨ ᠬᠠᠮᠵᠢᠯᠴᠠᠪᠠᠯ ᠰᠠᠶ᠋ᠢ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠵᠤ᠂ ᠪᠦᠭᠦ ᠪᠥᠮᠪᠥᠷᠴᠡᠭ ᠤᠨ | ᠬᠥᠭᠵᠢᠯ ᠴᠡᠴᠡᠭᠯᠡᠯ ᠢ ᠠᠬᠢᠭᠤᠯᠵᠤ ᠴᠢᠳᠠᠨ᠎ᠠ᠃ ᠪᠣᠭᠤᠮᠲᠠ ᠶᠢᠨ ᠭᠠᠶᠢᠯᠢ ᠶᠢᠨ ᠳᠠᠶᠢᠯᠠᠯᠳᠤᠭᠠᠨ᠂ ᠠᠷᠠᠯᠵᠢᠶᠠᠨ ᠤ | ᠳᠠᠶᠢᠯᠠᠯᠳᠤᠭᠠᠨ ᠳᠤ ᠢᠯᠠᠭᠴᠢ ᠪᠠᠶᠢᠬᠤ ᠦᠭᠡᠢ᠂ ᠡᠵᠡᠷᠬᠡᠬᠦ ᠡᠵᠡᠷᠬᠡᠭᠯᠡᠬᠦ ᠨᠢ ᠵᠥᠪᠭᠡᠨ ᠥᠪᠡᠷ ᠢ ᠪᠠᠨ ᠭᠠᠭᠴᠠᠭᠠᠷᠳᠠᠭᠤᠯᠤᠨ᠎ᠠ᠃ | ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠪᠣᠯ ᠴᠥᠮ ᠪᠦᠭᠦ ᠪᠥᠮᠪᠥᠷᠴᠡᠭ ᠤᠨ | ᠬᠥᠭᠵᠢᠵᠦ ᠪᠠᠶᠢᠭ᠎ᠠ ᠤᠯᠤᠰ ᠤᠳ ᠤᠨ ᠴᠢᠬᠤᠯᠠ ᠪᠦᠷᠢᠯᠳᠦᠭᠦᠨ ᠮᠥᠨ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠪᠣᠯ ᠮᠠᠨ ᠤ | ᠢᠷᠠᠭᠤ ᠠᠯᠳᠠᠷᠲᠤ ᠤᠯᠠᠮᠵᠢᠯᠠᠯ ᠮᠥᠨ᠂ ᠬᠥᠭᠵᠢᠯ ᠮᠠᠨᠳᠤᠯ ᠪᠣᠯ ᠪᠢᠳᠡᠨ ᠤ ᠲᠥᠷᠥᠯᠬᠢ ᠡᠷᠬᠡ ᠮᠥᠨ᠂ ᠲᠥᠪ ᠭᠤᠣᠯᠴᠢ | ᠰᠢᠳᠤᠷᠭᠤ ᠶᠣᠰᠣ ᠪᠣᠯ ᠪᠢᠳᠡᠨ ᠤ ᠬᠠᠮᠲᠤ ᠶᠢᠨ ᠬᠥᠭᠡᠭᠡᠴᠡᠯᠳᠦᠯ ᠮᠥᠨ᠃ ᠭᠠᠵᠠᠷ ᠣᠷᠣᠨ ᠢᠶᠠᠷ ᠰᠢᠯᠲᠠᠭᠠᠯᠠᠭᠳᠠᠭᠰᠠᠨ | ᠤᠯᠤᠰ ᠲᠦᠷᠦ ᠪᠣᠯᠣᠨ ᠯᠡᠭᠧᠷ ᠤᠨ ᠡᠰᠡᠷᠭᠦᠴᠡᠯᠳᠦᠯ ᠤᠨ ᠲᠠᠯᠲᠠ ᠤᠷᠤᠰᠬᠠᠯ ᠭᠦᠪᠦᠯᠵᠡᠵᠦ᠂ ᠭᠠᠭᠴᠠ ᠲᠠᠯᠠᠲᠤ ᠦᠵᠡᠯ᠂ | ᠬᠠᠮᠠᠭᠠᠯᠠᠬᠤ ᠦᠵᠡᠯ ᠤᠨ ᠰᠥᠷᠭᠡᠦ ᠤᠷᠤᠰᠬᠠᠯ ᠡᠭᠦᠰᠴᠦ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠳᠤᠮᠳᠠᠳᠤ ᠤᠯᠤᠰ | ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ ᠭᠠᠷ ᠬᠤᠯᠪᠣᠨ ᠲᠠᠪᠤᠨ ᠶᠡᠭᠡ | ᠢᠨᠵᠧᠨᠧᠷᠢᠩ ᠢ ᠡᠬᠢᠯᠡᠭᠦᠯᠵᠦ᠂ ᠬᠥᠭᠵᠢᠯ ᠮᠠᠨᠳᠤᠯ ᠢ ᠬᠠᠮᠲᠤ ᠪᠠᠷ ᠡᠷᠢᠯᠬᠢᠯᠡᠵᠦ᠂ ᠳᠤᠮᠳᠠᠳᠤ ᠤᠯᠤᠰ — ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ | ᠪᠠᠶᠢᠭᠤᠯᠤᠨ᠎ᠠ᠃ | ᠨᠢᠭᠡ ᠪᠣᠯ ᠪᠦᠯᠬᠦᠮᠳᠡᠯ ᠤᠨ ᠢᠨᠵᠧᠨᠧᠷᠢᠩ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠬᠢᠨ ᠲᠠᠢ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ | ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠬᠠᠷᠢᠯᠴᠠᠨ ᠳᠡᠮᠵᠢᠯᠴᠡᠨ᠎ᠡ᠃ ᠬᠤᠶᠠᠷ ᠲᠠᠯ᠎ᠠ ᠪᠠᠷ ᠢᠶᠠᠨ | ᠡᠯ᠎ᠡ ᠬᠦᠷᠢᠶᠡᠨ ᠤ ᠶᠠᠪᠤᠯᠴᠠᠭ᠎ᠠ ᠪᠠᠨ ᠨᠢᠭᠲᠠᠷᠠᠭᠤᠯᠵᠤ᠂ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ | ᠠᠰᠠᠭᠤᠳᠠᠯ ᠤᠨ ᠲᠤᠬᠠᠢ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠶ᠎ᠠ᠃ ᠢᠷᠡᠭᠡᠳᠦᠢ ᠶᠢᠨ 3 ᠵᠢᠯ ᠳᠤ᠂ ᠳᠤᠮᠳᠠᠳᠤ | ᠤᠯᠤᠰ ᠵᠢᠯ ᠪᠦᠷᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ | ᠤᠯᠤᠰ ᠤᠨ 300 ᠲᠦᠷᠦ ᠶᠢᠨ ᠨᠠᠮ ᠤᠨ ᠺᠠᠳ᠋ᠷ ᠢ ᠤᠷᠢᠵᠤ ᠳᠤᠮᠳᠠᠳᠤ ᠤᠯᠤᠰ ᠲᠤ ᠰᠢᠨᠵᠢᠯᠡᠨ ᠪᠠᠶᠢᠴᠠᠭᠠᠯᠭᠠᠵᠤ | ᠠᠶᠢᠯᠴᠢᠯᠠᠯᠲᠠ ᠭᠢᠯᠭᠡᠵᠦ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠪᠠᠨ ᠰᠣᠯᠢᠯᠴᠠᠨ᠎ᠠ᠃ ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠤᠯᠠᠨ ᠲᠠᠯ᠎ᠠ ᠶᠢᠨ ᠲᠠᠪᠴᠠᠩ ᠳᠠᠬᠢ ᠨᠥᠯᠥᠭᠡ ᠪᠠᠨ ᠥᠷᠭᠡᠳᠬᠡᠬᠦ ᠶᠢ ᠳᠤᠮᠳᠠᠳᠤ | ᠤᠯᠤᠰ ᠳᠡᠮᠵᠢᠵᠦ᠂ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠢ ᠬᠠᠮᠲᠤ ᠪᠠᠷ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ | ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠤᠯᠠᠨ | ᠤᠯᠤᠰ ᠤᠨ ᠪᠠ ᠭᠠᠵᠠᠷ ᠣᠷᠣᠨ ᠤ ᠬᠡᠷᠡᠭ ᠶᠠᠪᠤᠳᠠᠯ ᠤᠨ ᠳᠤᠮᠳᠠ ᠬᠠᠮᠲᠤ ᠶᠢᠨ ᠳᠠᠭᠤᠨ ᠢᠶᠠᠨ ᠴᠤᠤᠷᠢᠶᠠᠲᠤᠭᠤᠯᠤᠨ᠎ᠠ᠃ | ᠬᠤᠶᠠᠷ ᠪᠣᠯ ᠬᠥᠭᠵᠢᠯᠲᠡ ᠶᠢᠨ ᠢᠨᠵᠧᠨᠧᠷᠢᠩ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ | ᠨᠠᠶᠢᠳᠠᠪᠤᠷᠢᠵᠢᠭᠤᠯᠵᠤ᠂ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠡᠷᠡᠰ ᠬᠠᠮᠠᠭᠠᠯᠠᠵᠤ᠂ ᠪᠦᠭᠦ ᠪᠥᠮᠪᠥᠷᠴᠡᠭ ᠤᠨ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠵᠤ᠂ | ᠨᠡᠭᠡᠭᠡᠯᠲᠡᠲᠤ ᠬᠠᠮᠲᠤᠷᠠᠯᠴᠠᠭ᠎ᠠ ᠶᠢᠨ ᠤᠯᠠᠨ ᠤᠯᠤᠰ ᠤᠨ ᠣᠷᠴᠢᠨ ᠲᠣᠭᠤᠷᠢᠨ ᠢ ᠬᠠᠮᠠᠭᠠᠯᠠᠨ᠎ᠠ᠃ ᠬᠤᠶᠠᠷ ᠲᠠᠯ᠎ᠠ ᠪᠠᠷ ᠢᠶᠠᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ | ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠭᠦᠨᠵᠡᠭᠡᠢ ᠠᠬᠢᠭᠤᠯᠵᠤ᠂ ᠰᠠᠭᠤᠷᠢ ᠲᠥᠬᠦᠭᠡᠷᠦᠮᠵᠢ᠂ ᠬᠥᠳᠡᠭᠡ | ᠠᠵᠤ ᠠᠬᠤᠢ ᠠᠮᠤ ᠪᠤᠳᠠᠭ᠎ᠠ᠂ ᠡᠨᠧᠷᠭᠢ ᠠᠭᠤᠷᠬᠠᠢ ᠶᠢᠨ ᠭᠠᠷᠤᠯᠲᠠ ᠵᠡᠷᠭᠡ ᠤᠯᠠᠮᠵᠢᠯᠠᠯᠲᠤ ᠬᠦᠷᠢᠶᠡᠨ ᠤ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠴᠡᠪᠡᠷ ᠡᠨᠧᠷᠭᠢ᠂ 5G ᠴᠢᠮᠡᠭᠡ ᠬᠤᠯᠪᠤᠭ᠎ᠠ᠂ ᠲᠣᠭᠠᠴᠢᠯᠠᠭᠰᠠᠨ ᠠᠵᠤ ᠠᠬᠤᠢ | ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ | ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠬᠠᠨᠢᠲᠠᠨ ᠤ ᠲᠥᠯᠥᠪᠯᠡᠭᠡ ᠶᠢ ᠬᠡᠷᠡᠭᠵᠢᠭᠦᠯᠦᠶ᠎ᠡ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠨᠡᠩ ᠤᠯᠠᠨ ᠰᠢᠯᠢᠳᠡᠭ ᠦᠢᠯᠡᠳᠬᠦᠨ ᠢ ᠣᠷᠣᠭᠤᠯᠵᠤ᠂ ᠳᠤᠮᠳᠠᠳᠤ ᠤᠯᠤᠰ ᠤᠨ ᠠᠵᠤ | ᠠᠬᠤᠶᠢᠯᠠᠯ ᠤᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠬᠢ ᠪᠡᠯᠡ ᠣᠷᠣᠭᠤᠯᠤᠯᠲᠠ ᠪᠠᠨ ᠥᠷᠭᠡᠳᠬᠡᠬᠦ ᠶᠢ | ᠵᠣᠷᠢᠭᠵᠢᠭᠤᠯᠤᠨ᠎ᠠ᠃ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠥᠭᠵᠢᠯᠲᠡ ᠶᠢ ᠳᠡᠮᠵᠢᠬᠦ ᠶᠢᠨ ᠲᠥᠯᠥᠭᠡ᠂ | ᠳᠤᠮᠳᠠᠳᠤ ᠤᠯᠤᠰ ᠠᠴᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠤ 660 ᠳ᠋ᠦᠩᠰᠢᠭᠤᠷ ᠲᠥᠭᠦᠷᠢᠭ ᠤᠨ | ᠠᠷᠠᠳ ᠤᠨ ᠵᠣᠭᠤᠰ ᠤᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠬᠠᠩᠭᠠᠨ᠎ᠠ᠃ | ᠭᠤᠷᠪᠠ ᠪᠣᠯ ᠪᠣᠯᠪᠠᠰᠤᠨ ᠤ ᠢᠨᠵᠧᠨᠧᠷᠢᠩ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠲᠠᠢ ᠬᠠᠮᠲᠤ ᠪᠠᠷ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ | ᠨᠠᠶᠢᠳᠠᠪᠤᠷᠢᠵᠢᠭᠤᠯᠵᠤ᠂ ᠡᠷᠬᠡ ᠲᠡᠭᠰᠢ᠂ ᠬᠠᠷᠢᠯᠴᠠᠨ ᠲᠣᠯᠢᠯᠠᠬᠤ᠂ ᠶᠠᠷᠢᠯᠴᠠᠭ᠎ᠠ᠂ ᠪᠠᠭᠲᠠᠭᠠᠮᠵᠢᠲᠠᠢ ᠪᠣᠯᠪᠠᠰᠤᠨ ᠤ | ᠦᠵᠡᠯᠲᠡ ᠶᠢ ᠪᠤᠢ ᠪᠤᠯᠭᠠᠵᠤ᠂ ᠡᠩᠬᠡ ᠲᠠᠶᠢᠪᠤᠩ᠂ ᠬᠥᠭᠵᠢᠯᠲᠡ᠂ ᠡᠷᠬᠡ ᠲᠡᠭᠰᠢ᠂ ᠰᠢᠳᠤᠷᠭᠤ ᠶᠣᠰᠣ᠂ ᠠᠷᠠᠳᠴᠢᠯᠠᠯ᠂ | ᠡᠷᠬᠡ ᠴᠢᠯᠦᠭᠡ ᠲᠠᠢ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠤᠨ᠎ᠠ᠃ ᠳᠤᠮᠳᠠᠳᠤ ᠤᠯᠤᠰ | — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠪᠣᠯᠪᠠᠰᠤᠨ ᠤ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ | ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠪᠣᠯᠪᠠᠰᠤᠨ ᠤ ᠶᠠᠷᠢᠯᠴᠠᠭᠠᠨ ᠤ ᠶᠡᠭᠡ | ᠬᠤᠷᠠᠯ ᠢ ᠡᠷᠭᠢᠯᠡᠨ᠎ᠡ᠃ ᠰᠣᠶᠣᠯ ᠤᠷᠠᠯᠢᠭ ᠤᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ︽ | ᠯᠠᠲ᠋ᠢᠨ ᠠᠮᠧᠷᠢᠺᠠ ᠶᠢᠨ ᠤᠷᠠᠯᠢᠭ ᠤᠨ ᠤᠯᠠᠷᠢᠯ︾ ᠢ ᠡᠷᠭᠢᠯᠡᠨ᠎ᠡ᠃ ᠬᠠᠭᠤᠴᠢ ᠰᠤᠳᠤᠯᠤᠯ᠂ ᠡᠷᠲᠡᠨ ᠤ ᠦᠯᠡᠳᠡᠭᠳᠡᠯ | ᠪᠠᠭᠤᠷᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ᠂ ᠮᠦᠽᠧᠢ ᠶᠢᠨ ᠦᠵᠡᠭᠦᠯᠭᠡ ᠵᠡᠷᠭᠡ ᠰᠣᠶᠣᠯ ᠤᠨ ᠥᠪ ᠤᠨ | ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠡᠷᠲᠡᠨ ᠤ ᠪᠣᠯᠪᠠᠰᠤᠨ ᠤ ᠰᠤᠳᠤᠯᠭᠠᠨ ᠥᠷᠨᠢᠭᠦᠯᠵᠦ᠂ | ᠰᠣᠶᠣᠯ ᠤᠨ ᠡᠳ᠋ ᠬᠥᠷᠥᠩᠭᠡ ᠶᠢ ᠬᠠᠤᠯᠢ ᠪᠤᠰᠤ ᠪᠠᠷ ᠰᠠᠷᠢᠭᠠᠯᠠᠨ ᠵᠥᠭᠡᠭᠡᠪᠦᠷᠢᠯᠡᠬᠦ ᠳᠤ ᠬᠠᠮᠲᠤᠷᠠᠨ ᠴᠣᠬᠢᠯᠲᠠ ᠥᠭᠭᠦᠶ᠎ᠡ᠃ | ᠳᠥᠷᠪᠡ ᠪᠣᠯ ᠨᠠᠶᠢᠷᠠᠮᠳᠠᠯ ᠤᠨ ᠢᠨᠵᠧᠨᠧᠷᠢᠩ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠬᠢᠨ ᠲᠠᠢ ᠬᠠᠮᠲᠤ ᠪᠠᠷ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ | ᠨᠠᠶᠢᠳᠠᠪᠤᠷᠢᠵᠢᠭᠤᠯᠵᠤ᠂ ︽ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠢ ᠡᠩᠬᠡ ᠲᠠᠶᠢᠪᠤᠩ ᠣᠷᠣᠨ | ᠪᠤᠯᠭᠠᠬᠤ ᠪᠠᠷ ᠨᠡᠶᠢᠲᠡᠯᠡᠭᠰᠡᠨ ᠠᠯᠪᠠᠨ ᠵᠠᠷᠯᠠᠯ︾ ᠪᠣᠯᠣᠨ ︽ᠴᠥᠮ᠎ᠡ ᠶᠢᠨ ᠵᠡᠪᠰᠡᠭ ᠦᠭᠡᠢ ᠣᠷᠣᠨ ᠢ ᠪᠠᠶᠢᠭᠤᠯᠬᠤ ᠲᠤᠬᠠᠢ | ᠯᠠᠲ᠋ᠢᠨ ᠠᠮᠧᠷᠢᠺᠠ ᠪᠣᠯᠣᠨ ᠺᠠᠷᠢᠪᠧ ᠶᠢᠨ 33 ᠤᠯᠤᠰ ᠤᠨ ᠢᠯᠡᠷᠬᠡᠶᠢᠯᠡᠯᠲᠡ︾ ᠶᠢ ᠳᠡᠮᠵᠢᠵᠦ᠂ ᠭᠠᠮᠰᠢᠭ ᠤᠨ ᠰᠦᠢᠳᠦᠯ ᠢ | ᠵᠠᠰᠠᠬᠤ᠂ ᠰᠦᠯᠵᠢᠶᠡᠨ ᠤ ᠠᠮᠤᠷ ᠲᠦᠪᠰᠢᠨ᠂ ᠰᠦᠷᠳᠡᠭᠦᠯᠦᠯ ᠢ ᠡᠰᠡᠷᠭᠦᠴᠡᠬᠦ᠂ ᠢᠯᠵᠢᠷᠡᠯ ᠢ ᠡᠰᠡᠷᠭᠦᠴᠡᠬᠦ᠂ ᠬᠤᠣᠷ | ᠴᠠᠭᠠᠵᠠᠯᠠᠬᠤ᠂ ᠤᠯᠤᠰ ᠠᠯᠤᠰᠯᠠᠭᠰᠠᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ | ᠬᠠᠮᠲᠤᠷᠠᠯᠴᠠᠭ᠎ᠠ ᠶᠢ ᠴᠢᠩᠭᠠᠳᠬᠠᠵᠤ᠂ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠴᠢᠷᠮᠠᠶᠢᠨ ᠬᠠᠮᠠᠭᠠᠯᠠᠨ᠎ᠠ᠃ | ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ | ᠤᠯᠤᠰ ᠤᠨ ᠬᠡᠷᠡᠭᠴᠡᠭᠡ ᠶᠢ ᠦᠨᠳᠦᠰᠦᠯᠡᠨ ᠬᠠᠤᠯᠢ ᠬᠡᠷᠡᠭᠵᠢᠭᠦᠯᠬᠦ ᠪᠣᠯᠪᠠᠰᠤᠷᠠᠯ ᠤᠨ ᠲᠦᠷᠦᠯ ᠵᠦᠢᠯ ᠢ ᠬᠡᠷᠡᠭᠵᠢᠭᠦᠯᠵᠦ᠂ | ᠴᠢᠳᠠᠯ ᠤᠨ ᠢᠶᠠᠨ ᠬᠢᠷᠢ ᠪᠠᠷ ᠲᠣᠨᠣᠭᠯᠠᠯ ᠤᠨ ᠲᠤᠰᠠᠯᠠᠮᠵᠢ ᠬᠠᠩᠭᠠᠨ᠎ᠠ᠃ | ᠲᠠᠪᠤ ᠪᠣᠯ ᠠᠷᠠᠳ ᠤᠨ ᠰᠡᠳᠬᠢᠯ ᠤᠨ ᠢᠨᠵᠧᠨᠧᠷᠢᠩ᠃ ᠢᠷᠡᠬᠦ 3 ᠵᠢᠯ ᠳᠤ᠂ ᠳᠤᠮᠳᠠᠳᠤ ᠤᠯᠤᠰ ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠲᠤ 3500 ᠵᠠᠰᠠᠭ ᠤᠨ | ᠣᠷᠳᠣᠨ ᠤ ᠰᠤᠷᠤᠯᠭ᠎ᠠ ᠶᠢᠨ ᠱᠠᠩᠨᠠᠯ ᠤᠨ ᠣᠷᠣᠨ ᠲᠤᠭ᠎ᠠ᠂ 1 ᠲᠦᠮᠡᠨ ᠳᠤᠮᠳᠠᠳᠤ ᠤᠯᠤᠰ ᠲᠤ ᠢᠷᠡᠵᠦ ᠪᠣᠯᠪᠠᠰᠤᠷᠠᠯ | ᠭᠦᠷᠳᠡᠭᠦ ᠣᠷᠣᠨ ᠲᠤᠭ᠎ᠠ᠂ 500 ᠤᠯᠠᠨ ᠤᠯᠤᠰ ᠤᠨ ᠬᠢᠲᠠᠳ ᠬᠡᠯᠡᠨ ᠤ ᠪᠠᠭᠰᠢ ᠶᠢᠨ ᠰᠤᠷᠤᠯᠭ᠎ᠠ ᠶᠢᠨ ᠱᠠᠩᠨᠠᠯ ᠤᠨ | ᠣᠷᠣᠨ ᠲᠤᠭ᠎ᠠ᠂ 300 ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠮᠡᠷᠭᠡᠵᠢᠯ ᠤᠨ ᠴᠢᠳᠠᠪᠤᠷᠢᠲᠠᠨ ᠤ | ᠪᠣᠯᠪᠠᠰᠤᠷᠠᠯ ᠤᠨ ᠣᠷᠣᠨ ᠲᠤᠭ᠎ᠠ᠂ 1000 ︽ᠬᠢᠲᠠᠳ ᠬᠡᠯᠡᠨ ᠤ ᠬᠥᠭᠦᠷᠭᠡ︾ ᠶᠢᠨ ᠲᠦᠷᠦᠯ ᠵᠦᠢᠯ ᠤᠨ ᠳᠤᠮᠳᠠᠳᠤ | ᠤᠯᠤᠰ ᠲᠤ ᠢᠷᠡᠬᠦ ᠪᠦᠯᠭᠦᠮ ᠳᠤᠭᠤᠶᠢᠯᠠᠩ ᠤᠨ ᠣᠷᠣᠨ ᠲᠤᠭ᠎ᠠ ᠬᠠᠩᠭᠠᠵᠤ᠂ 300 ︽ᠪᠠᠭ᠎ᠠ ᠮᠥᠷᠲᠡᠭᠡᠨ ᠭᠤᠶᠢᠳᠠ︾ | ᠠᠷᠠᠳ ᠤᠨ ᠠᠮᠢᠳᠤᠷᠠᠯ ᠤᠨ ᠲᠦᠷᠦᠯ ᠵᠦᠢᠯ ᠢ ᠬᠡᠷᠡᠭᠵᠢᠭᠦᠯᠵᠦ᠂ ᠯᠦ ᠪᠠᠨ ᠦᠢᠯᠡᠳᠬᠡᠯ ᠤᠨ ᠭᠠᠵᠠᠷ ᠵᠡᠷᠭᠡ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠲᠦᠷᠦᠯ ᠵᠦᠢᠯ ᠢ ᠢᠳᠡᠪᠬᠢᠲᠡᠢ ᠠᠬᠢᠭᠤᠯᠵᠤ᠂ ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ ᠬᠢᠲᠠᠳ | ᠬᠡᠯᠡᠨ ᠤ ᠰᠤᠷᠭᠠᠨ ᠬᠥᠮᠦᠵᠢᠯ ᠥᠷᠨᠢᠭᠦᠯᠬᠦ ᠶᠢ ᠲᠡᠮᠵᠢᠨ᠎ᠠ᠃ ᠳᠤᠮᠳᠠᠳᠤ ᠤᠯᠤᠰ ︽ᠳᠤᠮᠳᠠᠳᠤ ᠤᠯᠤᠰ — ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠶᠢᠷ᠎ᠠ ᠰᠡᠳᠬᠢᠯᠭᠡ︾ ᠭᠡᠬᠦ ᠳᠤᠮᠳᠠᠳᠤ ᠤᠯᠤᠰ ᠤᠨ ᠺᠢᠨᠣ᠋ | ᠲᠧᠯᠸᠢᠰ ᠤᠨ ᠫᠷᠣᠭ᠍ᠷᠠᠮ ᠢ ᠳᠡᠯᠭᠡᠨ ᠦᠵᠡᠭᠦᠯᠭᠦ ᠪᠠ ᠨᠠᠪᠲᠠᠷᠡᠭᠦᠯᠵᠦ᠂ ᠵᠢᠯ ᠪᠦᠷᠢ 10 ᠰᠢᠯᠢᠳᠡᠭ ᠲᠧᠯᠸᠢᠰ ᠵᠦᠴᠦᠭᠡ ᠪᠤᠶᠤ | ᠰᠢᠯᠢᠳᠡᠭ ᠦᠵᠡᠵᠦ ᠰᠣᠨᠣᠰᠬᠤ ᠫᠷᠣᠭ᠍ᠷᠠᠮ ᠢ ᠬᠠᠷᠢᠯᠴᠠᠨ ᠣᠷᠴᠢᠭᠤᠯᠬᠤ ᠠᠵᠢᠯ ᠢ ᠪᠡᠶᠡᠯᠡᠭᠦᠯᠬᠦ ᠪᠠᠷ ᠴᠢᠷᠮᠠᠶᠢᠨ᠎ᠠ᠃ ᠳᠤᠮᠳᠠᠳᠤ | ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ ︽ᠳᠤᠮᠳᠠᠳᠤ ᠤᠯᠤᠰ — ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠵᠢᠭᠤᠯᠴᠢᠯᠠᠯ ᠤᠨ ᠶᠠᠷᠢᠯᠴᠠᠭ᠎ᠠ︾ ᠥᠷᠨᠢᠭᠦᠯᠦᠨ᠎ᠡ᠃ ᠬᠤᠶᠠᠷ ᠲᠠᠯ᠎ᠠ ᠶᠢᠨ | ᠬᠥᠮᠥᠰ ᠤᠨ ᠨᠥᠭᠦᠷᠰᠡᠭ ᠶᠠᠪᠤᠯᠴᠠᠭ᠎ᠠ ᠳᠤ ᠤᠯᠠᠮ ᠨᠢᠭᠡ ᠠᠯᠬᠤᠮ ᠲᠦᠭᠦᠮ ᠦᠵᠡᠭᠦᠯᠭᠦ ᠶᠢᠨ ᠲᠥᠯᠥᠭᠡ᠂ ᠳᠤᠮᠳᠠᠳᠤ | ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠣᠷᠣᠨ ᠤ 5 ᠤᠯᠤᠰ ᠲᠤ ᠸᠢᠰᠠ ᠶᠢ ᠬᠡᠯᠲᠦᠷᠢᠭᠦᠯᠬᠦ ᠲᠦᠷᠦᠭᠦᠦ ᠪᠦᠯᠦᠭ | ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ ᠭᠠᠵᠠᠷ ᠣᠷᠣᠨ ᠤ ᠤᠯᠤᠰ ᠤᠳ ᠤᠨ ᠪᠦᠷᠬᠦᠴᠡ ᠶᠢᠨ ᠬᠡᠪᠴᠢᠶ᠎ᠡ ᠶᠢ | ᠵᠣᠬᠢᠰᠲᠠᠢ ᠴᠠᠭ ᠲᠤ ᠥᠷᠭᠡᠳᠬᠡᠬᠦ ᠪᠠᠷ ᠲᠣᠭᠲᠠᠪᠠ᠃ | ᠡᠷᠬᠢᠮ ᠵᠣᠴᠢᠳ ᠠ᠋᠂ ᠨᠠᠶᠢᠵᠠ ᠨᠠᠷ ᠠ᠋︕ | ᠳᠤᠮᠳᠠᠳᠤ ᠤᠯᠤᠰ ᠲᠤ ︽ᠬᠥᠮᠥᠨ ᠤ ᠠᠮᠢᠳᠤᠷᠠᠯ ᠤᠨ ᠵᠢᠷᠭᠠᠯ ᠭᠡᠵᠦ ᠰᠡᠳᠬᠢᠯ ᠢᠶᠠᠨ ᠣᠶᠢᠯᠠᠭᠠᠯᠴᠠᠬᠤ ᠳᠤ ᠪᠤᠢ︾ | ᠭᠡᠬᠦ ᠡᠷᠲᠡᠨ ᠤ ᠰᠢᠯᠦᠭ ᠪᠠᠶᠢᠳᠠᠭ᠂ ᠯᠠᠲ᠋ᠢᠨ ᠠᠮᠧᠷᠢᠺᠠ ᠳᠤ ᠴᠤ ︽ᠨᠠᠶᠢᠵᠠ ᠲᠠᠢ ᠪᠠᠶᠢᠪᠠᠯ ᠳᠠᠷᠤᠢ ᠡᠳ᠋ ᠡᠷᠳᠡᠨᠢᠰ ᠲᠠᠢ︾ | ᠭᠡᠬᠦ ᠵᠦᠢᠷ ᠦᠭᠡ ᠪᠠᠶᠢᠳᠠᠭ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠤᠯᠤᠰ ᠢᠮᠠᠭᠲᠠ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠠᠶᠢᠨ ᠨᠠᠶᠢᠵᠠ᠂ ᠰᠠᠶᠢᠨ ᠬᠠᠨᠢᠲᠠᠨ ᠪᠣᠯᠣᠨ᠎ᠠ᠃ ᠪᠢᠳᠠ ᠭᠠᠷ | ᠬᠤᠯᠪᠣᠯᠴᠠᠨ᠂ ᠲᠤᠰ ᠲᠤᠰ ᠤᠨ ᠣᠳᠣᠬᠢᠴᠢᠯᠠᠯᠲᠠ ᠶᠢᠨ ᠠᠶᠠᠨ ᠳᠠᠭᠠᠨ ᠮᠥᠷᠥ ᠵᠡᠷᠭᠡᠴᠡᠨ ᠤᠷᠤᠭᠰᠢᠯᠠᠵᠤ᠂ ᠳᠤᠮᠳᠠᠳᠤ | ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ᠃ |