ᠡᠷᠢᠶᠡᠨ ᠬᠤᠲᠠ ᠶᠢᠨ ᠬᠢᠯᠢ ᠶᠢᠨ ᠪᠠᠶᠢᠴᠠᠭᠠᠯᠲᠠ ᠶᠢᠨ ᠥᠷᠲᠡᠭᠡ ᠥᠨᠳᠥᠷ ᠪᠦᠲᠦᠮᠵᠢᠲᠡᠶ ᠪᠥᠭᠡᠳ ᠳᠤᠮᠳᠠᠳᠤ ᠤᠯᠤᠰ ᠤᠨ ᠮᠠᠰᠢᠨ ᠲᠡᠷᠭᠡᠨ ᠤ ᠮᠡᠷᠬᠡᠵᠢᠯ ᠤᠨ ᠮᠠᠰᠢᠨ ᠳᠡᠷᠭᠡᠨ ᠤ ᠠᠩᠭᠢ ᠶᠢᠨ ᠪᠣᠭᠤᠮᠲᠠ ᠪᠠᠷ ᠲᠦᠷᠭᠡᠨ ᠥᠩᠭᠡᠷᠡᠬᠦ ᠶᠢ ᠪᠠᠲᠤᠯᠠᠨ᠎ᠠ
ᠨᠡᠶᠢᠲᠡᠯᠡᠭᠰᠡᠨ ᠴᠠᠭ᠄
2025/5/15
   
    5 ᠳ᠋ᠤᠭᠠᠷ ᠰᠠᠷ᠎ᠠ ᠶᠢᠨ 13 ᠤ ᠡᠳᠦᠷ᠂ ᠮᠣᠩᠭᠤᠯ ᠤᠯᠤᠰ ᠤᠨ ᠮᠠᠰᠢᠨ ᠲᠡᠷᠭᠡᠨ ᠤ ᠭᠦᠶᠦᠳᠡᠯ ᠤᠷᠤᠯᠳᠤᠭᠠᠨ ᠳᠤ ᠣᠷᠣᠯᠴᠠᠭᠰᠠᠨ ᠳᠤᠮᠳᠠᠳᠤ ᠤᠯᠤᠰ ᠤᠨ ᠮᠠᠰᠢᠨ ᠲᠡᠷᠭᠡᠨ ᠤ ᠠᠩᠭᠢ ᠤᠷᠤᠯᠳᠤᠭᠠᠨ ᠤ ᠳᠠᠷᠠᠭ᠎ᠠ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠵᠠᠮ ᠢᠶᠠᠷ ᠬᠢᠯᠢ ᠳᠤ ᠣᠷᠣᠪᠠ᠃ ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠨᠢ ᠲᠤᠰᠬᠠᠢ ᠨᠡᠪᠲᠡᠷᠡᠬᠦ ᠵᠠᠮ ᠢ ᠨᠡᠭᠡᠭᠡᠵᠦ᠂ ᠲᠡᠷᠭᠡᠨ ᠠᠩᠭᠢ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠶ ᠪᠣᠭᠤᠮᠲᠠ ᠪᠠᠷ ᠥᠩᠭᠡᠷᠡᠬᠦ ᠦᠢᠯᠡᠴᠢᠯᠡᠭᠡ ᠬᠠᠩᠭᠠᠬᠤ ᠪᠣᠯᠣᠨ᠎ᠠ᠃      2025 ᠣᠨ ᠤ 5 ᠳ᠋ᠤᠭᠠᠷ ᠰᠠᠷ᠎ᠠ ᠶᠢᠨ 9 ᠤ ᠡᠳᠦᠷ ᠠᠴᠠ 11 ᠤ ᠡᠳᠦᠷ ᠪᠣᠯᠲᠠᠯ᠎ᠠ ᠤᠯᠠᠭᠠᠨᠪᠠᠭᠠᠲᠤᠷ ᠬᠤᠲᠠ ᠳᠤ ᠶᠠᠪᠤᠭᠳᠠᠵᠤ᠂ ᠳᠤᠮᠳᠠᠳᠤ᠂ ᠮᠣᠩᠭᠤᠯ᠂ ᠶᠠᠫᠣᠨ᠂ ᠺᠣᠷᠢᠶᠠ᠂ ᠣᠷᠣᠰ᠂ ᠺᠠᠽᠠᠭᠰᠲ᠋ᠠᠨ᠂ ᠺᠢᠷᠭᠢᠽᠰᠲ᠋ᠠᠨ᠂ ᠠᠮᠧᠷᠢᠺᠠ ᠵᠡᠷᠭᠡ 8 ᠤᠯᠤᠰ ᠠᠴᠠ ᠢᠷᠡᠭᠰᠡᠨ 52  ᠮᠠᠰᠢᠨ ᠲᠡᠷᠭᠡᠴᠢᠨ ᠬᠠᠮᠲᠤ ᠪᠠᠷ ᠤᠷᠤᠯᠳᠤᠭᠠᠨ ᠳᠤ ᠣᠷᠣᠯᠴᠠᠪᠠ ᠃ ᠳᠤᠮᠳᠠᠳᠤ ᠤᠯᠤᠰ ᠤᠨ ᠮᠠᠰᠢᠨ ᠲᠡᠷᠭᠡᠨ ᠤ ᠵᠥᠭᠡᠭᠡᠪᠦᠷᠢ ᠶᠢᠨ ᠠᠩᠭᠢ ᠭᠠᠷᠮᠠᠭᠠᠶ ᠢᠯᠡᠷᠡᠯ ᠳᠡᠭᠡᠨ ᠲᠦᠰᠢᠭᠯᠡᠨ᠂ ᠬᠤᠪᠢ ᠬᠥᠮᠦᠨ ᠵᠢᠴᠢ ᠪᠦᠯᠬᠦᠮ ᠮᠠᠩᠯᠠᠶ ᠪᠠᠨ ᠠᠮᠵᠢᠯᠲᠠᠲᠠᠶ ᠪᠠᠷ ᠬᠠᠮᠠᠭᠠᠯᠠᠵᠤ᠂ ᠳᠤᠮᠳᠠᠳᠤ ᠤᠯᠤᠰ ᠤᠨ ᠲᠡᠷᠭᠡᠨ ᠲᠠᠮᠢᠷ ᠤᠨ ᠬᠥᠳᠡᠯᠭᠡᠭᠡᠨ ᠤ ᠬᠦᠴᠦᠷᠬᠡᠭ ᠶᠡᠭᠡ ᠪᠣᠳᠠᠲᠤ ᠬᠦᠴᠦᠨ ᠢ ᠳᠠᠬᠢᠨᠲᠠ ᠢᠯᠡᠷᠡᠭᠦᠯᠵᠦ᠂ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠨ ᠪᠡᠶ᠎ᠡ ᠶᠢᠨ ᠲᠠᠮᠢᠷ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃      ᠲᠡᠷᠭᠡᠨ ᠠᠩᠭᠢ ᠶᠢᠨ ᠪᠣᠭᠤᠮᠲᠠ ᠪᠠᠷ ᠥᠩᠭᠡᠷᠡᠬᠦ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠳᠣᠰᠠᠳᠠ᠂ ᠡᠷᠢᠶᠡᠨ ᠬᠤᠲᠠ ᠶᠢᠨ ᠬᠢᠯᠢ ᠪᠠᠷ ᠨᠡᠪᠳᠡᠷᠬᠡᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠤᠷᠢᠳᠴᠢᠯᠠᠨ ᠠᠷᠭ᠎ᠠ ᠰᠦᠪᠡᠭᠴᠢᠯᠡᠵᠦ᠂ ᠨᠠᠷᠢᠨ ᠨᠢᠮᠪᠠᠶ ᠪᠠᠶᠢᠷᠢᠯᠠᠭᠤᠯᠤᠨ᠂ ᠤᠷᠢᠳᠴᠢᠯᠠᠨ ᠬᠠᠷᠢᠯᠴᠠᠵᠤ᠂ ᠲᠡᠷᠭᠡᠨ ᠠᠩᠭᠢ ᠶᠢᠨ ᠬᠢᠯᠢ ᠪᠠᠷ ᠣᠷᠣᠵᠤ ᠭᠠᠷᠬᠤ ᠴᠠᠭ ᠪᠠ ᠲᠡᠷᠭᠡ ᠬᠥᠰᠬᠡ ᠶᠢᠨ ᠮᠡᠳᠡᠭᠡ ᠵᠠᠩᠭᠢ ᠶᠢ ᠤᠶᠢᠯᠠᠭᠠᠨ᠂ ᠪᠣᠭᠤᠮᠲᠠ ᠪᠠᠷ ᠥᠩᠭᠡᠷᠡᠬᠦ ᠨᠠᠷᠢᠨ ᠲᠥᠰᠦᠯ ᠢ ᠲᠣᠭᠲᠠᠭᠠᠵᠤ᠂ ︽ᠲᠤᠰᠬᠠᠶ ᠨᠡᠪᠲᠡᠷᠡᠬᠦ ᠵᠠᠮ ᠢᠶᠠᠷ ᠲᠤᠰᠬᠠᠶ ᠬᠥᠮᠦᠨ ᠬᠥᠲᠥᠯᠦᠨ ᠵᠢᠯᠣᠭᠤᠳᠬᠤ︾ ᠵᠠᠭᠪᠤᠷ ᠢ ᠬᠡᠷᠡᠭᠯᠡᠨ᠂ ᠤᠷᠤᠯᠳᠤᠭᠠᠨ ᠳᠤ ᠣᠷᠣᠯᠴᠠᠭᠰᠠᠨ ᠲᠡᠷᠭᠡᠴᠢᠨ ᠳᠤ ︽ᠨᠢᠭᠡ ᠥᠷᠲᠡᠭᠡᠨ ᠤ ᠮᠠᠶ᠋ᠢᠭ︾ ᠤᠨ ᠪᠣᠭᠤᠮᠲᠠ ᠪᠠᠷ ᠥᠩᠭᠡᠷᠡᠬᠦ ᠦᠢᠯᠡᠴᠢᠯᠡᠭᠡ ᠬᠠᠩᠭᠠᠵᠤ᠂ ᠲᠡᠷᠭᠡᠨ ᠠᠩᠭᠢ ᠶᠢᠨ ᠪᠣᠭᠤᠮᠲᠠ ᠪᠠᠷ ᠥᠩᠭᠡᠷᠡᠬᠦ ᠴᠠᠭ ᠢ ᠬᠠᠮᠤᠭ ᠤᠨ ᠶᠡᠭᠡ ᠬᠡᠮᠵᠢᠶ᠎ᠡ ᠪᠠᠷ ᠪᠣᠭᠤᠨᠢᠰᠬᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号