5 ᠰᠠᠷ᠎ᠠ ᠶᠢᠨ 12 ᠤᠨ ᠡᠳᠦᠷ᠂ ᠪᠥᠬᠦ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠬᠠᠮᠢᠶᠠᠷᠤᠯᠲᠠ ᠶᠢᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠬᠤᠷᠠᠯ | ᠬᠤᠷᠠᠯᠳᠤᠭᠤᠯᠵᠤ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠶᠢᠰᠦᠨ ᠰᠠᠯᠠᠭ᠎ᠠ ᠮᠥᠴᠢᠷ ᠬᠤᠷᠠᠯ ᠳᠤ ᠣᠷᠣᠯᠴᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠲᠤᠰᠬᠠᠶ ᠴᠡᠭᠴᠡᠯᠡᠨ ᠵᠠᠰᠠᠬᠤ ᠲᠥᠰᠦᠯ ᠤᠨ ᠵᠣᠷᠢᠭ | ᠰᠠᠨᠠᠭ᠎ᠠ ᠶᠢ ᠤᠯᠠᠮᠵᠢᠯᠠᠵᠤ᠂ ᠲᠣᠰ ᠱᠠᠲᠤᠨ ᠤ ᠠᠵᠢᠯ ᠤᠨ ᠠᠬᠢᠴᠠ ᠶᠢ ᠮᠡᠳᠡᠭᠳᠡᠪᠡ᠃ | ᠬᠤᠷᠠᠯ ᠠᠴᠠ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠨᠢ ᠤᠯᠠᠨ ᠲᠦᠮᠡᠨ ᠤ ᠲᠤᠰ | ᠪᠡᠶ᠎ᠡ ᠶᠢᠨ ᠠᠰᠢᠭ ᠲᠤᠰᠠ᠂ ᠡᠮ ᠡᠮᠨᠡᠯᠭᠡ ᠶᠢᠨ ᠳᠠᠭᠠᠳᠬᠠᠯ ᠤᠨ ᠲᠦᠷᠢᠮ ᠤᠨ ᠦᠷᠭᠦᠯᠵᠢᠯᠡᠬᠦ ᠬᠥᠭᠵᠢᠯᠲᠡ ᠪᠣᠯᠤᠨ | ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠳᠤ ᠬᠤᠯᠪᠣᠭᠳᠠᠨ᠎ᠠ᠃ ᠪᠥᠬᠦ ᠬᠤᠲᠠ ᠶᠢᠨ ᠡᠯ᠎ᠡ ᠰᠠᠯᠠᠭ᠎ᠠ | ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰᠬᠠᠶ ᠴᠡᠭᠴᠡᠯᠡᠨ ᠵᠠᠰᠠᠯᠲᠠ ᠶᠢ | ᠥᠷᠨᠢᠭᠦᠯᠬᠦ ᠪᠣᠯ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ᠂ ᠣᠯᠠᠨ ᠲᠦᠮᠡᠨ ᠤ ᠠᠰᠢᠭ | ᠲᠤᠰᠠ ᠶᠢ ᠬᠠᠮᠠᠭᠠᠯᠠᠬᠤ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠲᠤᠯᠭᠠᠮ᠎ᠠ ᠱᠠᠭᠠᠷᠳᠠᠯᠭ᠎ᠠ ᠪᠣᠯᠬᠤ ᠶᠢ ᠭᠦᠨᠵᠡᠭᠡᠶ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠠ | ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠦᠨᠡᠨ ᠠᠴᠠ ᠵᠥᠪ ᠢ ᠡᠷᠢᠵᠦ ᠠᠰᠠᠭᠤᠳᠠᠯ ᠢ ᠪᠠᠶᠢᠴᠠᠭᠠᠵᠤ | ᠂ ᠬᠡᠯᠪᠡᠷᠢᠴᠢ ᠦᠵᠡᠯ ᠢ ᠡᠷᠡᠰ ᠬᠤᠷᠢᠭᠯᠠᠵᠤ᠂ ᠬᠢᠨᠠᠯᠲᠠ ᠬᠠᠮᠢᠶᠠᠷᠤᠯᠲᠠ ᠶᠢᠨ ᠲᠥᠪ ᠴᠢᠩᠭ᠎ᠠ ᠴᠢᠨᠠᠷ ᠢ ᠬᠠᠮᠠᠭᠠᠯᠠᠬᠤ | ᠬᠡᠷᠡᠭᠲᠡᠶ︔ ᠤᠯᠠᠨ ᠲᠦᠮᠡᠨ ᠤ ᠠᠰᠢᠭ ᠲᠤᠰᠠ ᠪᠠᠷ ᠤᠳᠤᠷᠢᠳᠤᠮᠵᠢ ᠪᠣᠯᠭᠠᠵᠤ᠂ ᠢᠨᠲ᠋ᠧᠷ ᠰᠦᠯᠵᠢᠶᠡᠨ ᠤ | ᠡᠮᠨᠡᠯᠭᠡ ᠶᠢᠨ ᠬᠤᠷᠢᠶᠠᠨ ᠤ ᠡᠯᠧᠺᠳ᠋ᠷᠣᠨ ᠵᠣᠷ ᠢ ᠡᠷᠭᠢᠯᠲᠡ ᠳᠤ ᠣᠷᠣᠭᠤᠯᠬᠤ ᠶᠢ ᠠᠬᠢᠭᠤᠯᠵᠤ᠂ ᠲᠤᠭ᠎ᠠ ᠪᠠᠷᠢᠮᠲᠠ ᠶᠢ | ᠬᠠᠮᠲᠤᠪᠠᠷ ᠡᠳ᠋ᠯᠡᠬᠦ ᠪᠠᠷ ᠬᠠᠮᠵᠢᠯᠴᠠᠬᠤ ᠶᠢ ᠪᠡᠶᠡᠯᠡᠭᠦᠯᠵᠦ᠂ ᠤᠯᠠᠨ ᠲᠦᠮᠡᠨ ᠳᠤ ︽ᠢᠨᠲ᠋ᠧᠷ ᠰᠦᠯᠵᠢᠶᠡᠨ ᠤ ᠡᠮ | ᠡᠮᠨᠡᠯᠭᠡ ᠶᠢᠨ ᠡᠷᠡᠭᠦᠯ ᠮᠡᠨᠳᠦ︾ ᠶᠢᠨ ᠲᠦᠭᠦᠮ ᠦᠵᠡᠭᠦᠯᠬᠦ ᠬᠡᠷᠡᠭᠲᠡᠢ︔ ᠲᠤᠮᠤ ᠳ᠋ᠠᠶᠢᠲ᠋ᠠ᠂ ᠵᠣᠬᠢᠶᠠᠮᠠᠯ ᠤᠶᠤᠨ | ᠴᠢᠳᠠᠪᠤᠷᠢ ᠵᠡᠷᠭᠡ ᠮᠡᠷᠭᠡᠵᠢᠯ ᠢ ᠬᠡᠷᠡᠭᠯᠡᠨ ᠣᠶᠤᠨᠴᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠪᠦᠬᠦ | ᠶᠠᠪᠤᠴᠠ ᠶᠢ ᠬᠢᠨᠠᠨ ᠡᠵᠡᠮᠳᠡᠬᠦ ᠰᠠᠭᠤᠷᠢ ᠮᠥᠩᠭᠦ ᠶᠢ ᠬᠡᠷᠡᠭᠯᠡᠬᠦ ᠬᠡᠷᠡᠭᠲᠡᠢ︔ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠤᠨ ᠬᠢᠨ ᠡᠭᠦᠷᠭᠡ ᠪᠠᠨ ᠬᠠᠮᠵᠢᠯᠴᠠᠨ ᠨᠠᠶᠢᠳᠠᠪᠤᠷᠢᠵᠢᠭᠤᠯᠵᠤ᠂ | ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠵᠤ᠂ ᠴᠡᠭᠴᠡᠯᠡᠨ ᠵᠠᠰᠠᠬᠤ ᠪᠣᠳᠠᠲᠤ ᠦᠷ᠎ᠡ ᠪᠦᠲᠦᠮᠵᠢ ᠶᠢ | ᠪᠠᠲᠤᠯᠠᠬᠤ ᠬᠡᠷᠡᠭᠲᠡᠶ᠃ |