ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠦ ᠠᠮᠤᠷ ᠲᠦᠪᠰᠢᠨ ᠤ ᠮᠡᠳᠡᠯᠭᠡ ᠶᠢ ᠳᠦᠭᠡᠮᠡᠯᠵᠢᠬᠦᠯᠪᠡ
ᠨᠡᠶᠢᠲᠡᠯᠡᠭᠰᠡᠨ ᠴᠠᠭ᠄
2025/5/15
   
      5 ᠰᠠᠷ᠎ᠠ ᠶᠢᠨ 13 ᠤ ᠡᠳᠦᠷ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠬᠤᠶᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢᠳ ᠢ ᠵᠣᠬᠢᠶᠠᠨ ᠪᠠᠶᠢᠭᠤᠯᠤᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠭᠦᠯᠭᠡ ᠶᠢᠨ ᠲᠢᠩᠬᠢᠮ ᠢ ᠲᠣᠭᠤᠷᠢᠨ ᠦᠵᠡᠪᠡ᠃       ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠠᠵᠢᠯᠲᠠᠳ ᠭᠠᠵᠠᠷ ᠬᠥᠳᠡᠯᠦᠯᠲᠡ ᠶᠢᠨ ᠦᠨᠳᠦᠰᠦᠨ ᠮᠡᠳᠡᠯᠭᠡ ᠂ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠤᠷ᠎ᠠ ᠴᠢᠳᠠᠪᠤᠷᠢ᠂ ᠬᠥᠳᠡᠯᠦᠯᠲᠡ ᠶᠢᠨ ᠬᠥᠨᠥᠭᠡᠯ ᠢ ᠰᠡᠷᠭᠡᠶᠢᠯᠡᠬᠦ ᠵᠡᠷᠭᠡ ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠬᠢᠪᠡ᠃ ᠭᠠᠵᠠᠷ ᠬᠥᠳᠡᠯᠦᠯᠲᠡ ᠶᠢᠨ ᠪᠦᠲᠦᠭᠰᠡᠨ ᠰᠢᠯᠲᠠᠭᠠᠨ ᠪᠣᠯᠤᠨ ᠲᠥᠷᠥᠯ ᠬᠤᠪᠢᠶᠠᠬᠤ ᠪᠠᠷ ᠳᠠᠮᠵᠢᠭᠤᠯᠤᠨ᠂ ᠠᠮᠢᠳᠤᠷᠠᠯ ᠤᠨ ᠠᠬᠤᠶ ᠪᠠᠶᠢᠳᠠᠯ ᠲᠠᠢ ᠤᠶᠠᠯᠳᠤᠭᠤᠯᠤᠨ ᠠᠳᠠᠯᠢ ᠪᠤᠰᠤ ᠣᠷᠴᠢᠨ ᠲᠣᠭᠤᠷᠢᠨ ᠤ ᠳᠣᠤᠷᠠᠬᠢ ᠠᠶᠤᠯ ᠠᠴᠠ ᠵᠠᠶᠢᠯᠠᠵᠤ ᠠᠮᠢ ᠵᠢᠭᠤᠲᠠᠬᠤ ᠠᠷᠭ᠎ᠠ ᠶᠢ ᠲᠠᠶᠢᠯᠪᠤᠷᠢᠯᠠᠨ᠎ᠠ᠃ ᠳᠠᠷᠠᠭ᠎ᠠ ᠨᠢ᠂ ᠰᠤᠷᠤᠭᠴᠢᠳ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠵᠦ᠂ ᠬᠠᠮᠢᠶ᠎ᠠ ᠪᠦᠬᠦᠢ ᠮᠡᠳᠡᠯᠭᠡ ᠶᠢᠨ ᠲᠤᠬᠠᠶ ᠣᠶᠢᠯᠠᠭᠠᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃        ᠲᠣᠰ ᠤᠳᠠᠭᠠᠨ ᠤ ᠠᠵᠢᠯᠯᠠᠭ᠎ᠠ ᠨᠢ ᠣᠨᠣᠯ ᠤᠨ ᠮᠡᠳᠡᠯᠭᠡ ᠪᠣᠯᠤᠨ ᠰᠢᠭᠤᠳ ᠦᠵᠡᠭᠦᠯᠭᠡ ᠶᠢ ᠤᠶᠠᠯᠳᠤᠭᠤᠯᠵᠤ᠂ ᠬᠠᠮᠲᠤ ᠰᠤᠷᠤᠭᠴᠢᠳ ᠤᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠪᠣᠯᠤᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠴᠢᠳᠠᠪᠤᠷᠢ ᠶᠢ ᠪᠦᠲᠦᠮᠵᠢᠲᠡᠶ ᠨᠡᠮᠡᠭᠳᠡᠭᠦᠯᠪᠡ᠃ ᠢᠷᠡᠭᠡᠳᠦᠢ ᠳᠤ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠨᠡᠩ ᠤᠯᠠᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号