| 5 ᠰᠠᠷ᠎ᠠ ᠶᠢᠨ 9 ᠤ ᠡᠳᠦᠷ᠂ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠳᠥᠷᠪᠡᠳᠦᠭᠡᠷ ᠤᠳᠠᠭᠠᠨ ᠤ ᠬᠤᠷᠠᠯ | ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠶᠠᠨ ᠬᠤᠩ ᠬᠤᠷᠠᠯ ᠢ ᠡᠷᠭᠢᠯᠡᠪᠡ᠃ | ᠬᠤᠷᠠᠯ ᠳᠤ ᠣᠷᠣᠯᠴᠠᠬᠤ ᠶᠣᠰᠣᠲᠠᠶ ᠪᠦᠷᠢᠯᠳᠦᠬᠦᠨ 33 ᠬᠥᠮᠦᠨ᠂ ᠪᠣᠳᠠᠲᠠᠶ ᠣᠷᠣᠯᠴᠠᠭᠰᠠᠨ 28 ᠬᠥᠮᠦᠨ | ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ | ᠬᠤᠷᠠᠯ ᠠᠴᠠ ᠬᠤᠲᠠ ᠶᠢᠨ ᠵᠠᠰᠠᠭ ᠤᠨ ᠣᠷᠳᠣᠨ ᠤ ᠬᠤᠲᠠ ᠶᠢᠨ ᠲᠤᠰ ᠱᠠᠲᠤᠨ ᠤ ᠲᠥᠰᠦᠪ ᠢ | ᠭᠦᠢᠴᠡᠳᠭᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ 2024 ᠣᠨ ᠤ ᠬᠢᠨᠠᠨ | ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ | ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ︔ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ | ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ᠂ 2025 ᠣᠨ ᠤ | ᠡᠷᠢᠶᠡᠨ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ᠢ | ᠵᠥᠪᠰᠢᠶᠡᠷᠡᠭᠰᠡᠨ ᠪᠥᠭᠡᠳ 2025 ᠣᠨ ᠤ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠲᠥᠰᠦᠪ ᠤᠨ | ᠲᠣᠬᠢᠷᠠᠭᠤᠯᠤᠯᠲᠠ ᠶᠢᠨ ᠲᠥᠰᠦᠯ ᠢ ᠵᠥᠪᠰᠢᠶᠡᠷᠡᠪᠡ︔ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠪᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠤᠨ ᠵᠢᠵᠢᠭ ᠢᠳᠡᠭᠡᠨ ᠤᠮᠳᠠᠭᠠᠨ ᠤ | ᠳᠡᠯᠭᠡᠭᠦᠷ ᠪᠠ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠳᠦᠷᠢᠮ︾ ᠢ ᠬᠡᠷᠡᠭᠵᠢᠭᠦᠯᠦᠭᠰᠡᠨ ᠪᠠᠶᠢᠳᠠᠯ ᠤᠨ | ᠲᠤᠬᠠᠶ ᠮᠡᠳᠡᠭᠦᠯᠦᠯᠲᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠤᠨ ᠪᠠᠶᠢᠳᠠᠯ ᠤᠨ | ᠲᠤᠬᠠᠶ ᠮᠡᠳᠡᠭᠦᠯᠦᠯᠲᠡ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶᠠᠨ ᠤ ᠳᠠᠷᠤᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠤᠨ ᠲᠤᠬᠠᠶ | ᠮᠡᠳᠡᠭᠦᠯᠦᠯᠲᠡ ᠶᠢ ᠰᠣᠨᠣᠰᠪᠠ︔ ︽ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ | ᠪᠠᠶᠢᠴᠠᠭᠠᠬᠤ ᠵᠥᠪᠯᠡᠯ ᠤᠨ ᠣᠨᠴᠠ ᠵᠠᠷᠢᠮ ᠲᠥᠯᠥᠭᠡᠯᠡᠭᠴᠢ ᠶᠢᠨ ᠬᠤᠪᠢᠷᠠᠯᠲᠠ ᠶᠢᠨ ᠪᠠᠶᠢᠳᠠᠯ ᠤᠨ ᠲᠤᠬᠠᠶ | ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠪᠡ᠃ | ᠬᠤᠷᠠᠯ ᠠᠴᠠ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ | ᠪᠠᠭᠤᠯᠭᠠᠬᠤ ᠵᠦᠢᠯᠡᠰ ᠢ ᠪᠢᠯᠧᠲ ᠥᠭᠴᠦ ᠪᠠᠲᠤᠯᠠᠪᠠ᠃ | |