| | | ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ | ᠪᠠᠷᠢᠮᠲᠠᠯᠠᠨ ᠬᠥᠭᠵᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠨᠡᠶᠢᠭᠡᠮ ᠤᠨ ᠠᠮᠤᠷ ᠲᠦᠪᠰᠢᠨ ᠤ ᠶᠡᠷᠦᠩᠬᠡᠶᠢᠯᠡᠭᠰᠡᠨ ᠵᠠᠰᠠᠯᠲᠠ ᠶᠢᠨ | ᠵᠢᠷᠤᠮᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠳᠣᠯᠠᠳᠠ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ᠤ ᠤᠳᠤᠷᠢᠳᠤᠯᠭ᠎ᠠ ᠪᠠ ᠳᠡᠮᠵᠢᠯᠭᠡ ᠳᠣᠣᠷ᠎ᠠ᠂ ᠬᠤᠲᠠ ᠶᠢᠨ ᠨᠡᠶᠢᠭᠡᠮ ᠤᠨ ᠠᠮᠤᠷ ᠲᠦᠪᠰᠢᠨ ᠢ | ᠶᠡᠷᠦᠩᠬᠡᠶᠢᠯᠡᠨ ᠵᠠᠰᠠᠬᠤ ᠲᠥᠪ ᠤᠨ ᠳᠡᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠡᠴᠦᠰ ᠤᠨ ᠱᠠᠲᠤᠨ ᠳᠤ | ᠣᠷᠣᠵᠤ᠂ ᠤᠳᠠᠯ ᠦᠭᠡᠢ ᠵᠢᠩᠬᠢᠨᠢ ᠪᠠᠷ ᠠᠰᠢᠭᠯᠠᠯᠲᠠ ᠳᠤ ᠣᠷᠣᠬᠤ ᠭᠡᠵᠦ ᠪᠠᠶᠢᠨ᠎ᠠ᠃ | ᠲᠤᠬᠠᠢ ᠶᠢᠨ ᠲᠠᠯᠠᠪᠤᠷ ᠲᠤ᠂ ᠰᠤᠷᠪᠤᠯᠵᠢᠯᠠᠭᠴᠢ ᠪᠠᠷᠢᠯᠭ᠎ᠠ ᠦᠨᠳᠦᠰᠦᠨ ᠳᠡᠭᠡᠨ ᠳᠠᠭᠤᠰᠤᠭᠰᠠᠨ ᠢ ᠣᠯᠵᠤ | ᠬᠠᠷᠠᠭᠠᠳ᠂ ᠡᠯ᠎ᠡ ᠨᠢᠭᠡᠴᠡ ᠶᠢᠨ ᠬᠢᠨ ᠴᠡᠭᠴᠡᠯᠡᠨ ᠰᠠᠶᠢᠵᠢᠷᠠᠭᠤᠯᠬᠤ ᠠᠯᠪᠠᠨ ᠭᠡᠷ ᠢᠶᠠᠨ ᠴᠡᠪᠡᠷᠯᠡᠵᠦ ᠣᠷᠣᠵᠤ | ᠰᠠᠭᠤᠬᠤ ᠪᠠᠷ ᠪᠡᠯᠡᠳᠬᠡᠵᠦ ᠪᠠᠶᠢᠨ᠎ᠠ᠃ ᠬᠤᠲᠠ ᠶᠢᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ | ᠲᠥᠪ ᠪᠣᠯ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ᠂ ᠨᠡᠶᠢᠭᠡᠮ ᠤᠨ ᠠᠮᠤᠷ ᠲᠦᠪᠰᠢᠨ ᠢ | ᠶᠡᠷᠦᠩᠬᠡᠶᠢᠯᠡᠨ ᠵᠠᠰᠠᠬᠤ ᠵᠡᠷᠭᠡ ᠭᠤᠣᠯ ᠴᠢᠳᠠᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠬᠠᠤᠯᠢ | ᠴᠠᠭᠠᠵᠠ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠴᠢᠳᠠᠮᠵᠢ ᠶᠢᠨ | ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠣᠯᠠᠨ ᠲᠦᠮᠡᠨ ᠳᠤ ᠨᠠᠩ ᠴᠢᠨᠠᠷ ᠰᠠᠶᠢᠲᠠᠶ᠂ ᠥᠨᠳᠥᠷ ᠪᠦᠲᠦᠮᠵᠢᠲᠡᠶ | ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠬᠠᠩᠭᠠᠬᠤ ᠪᠠᠷ ᠬᠦᠴᠦᠯᠡᠨ ᠴᠢᠷᠮᠠᠶᠢᠪᠠ᠃ | ᠲᠠᠰ ᠳᠡᠪᠰᠢᠭᠰᠡᠨ ᠤ ᠳᠠᠷᠠᠭ᠎ᠠ ᠶᠡᠷᠦᠩᠬᠡᠶᠢᠯᠡᠨ ᠵᠠᠰᠠᠬᠤ ᠲᠥᠪ ᠨᠢ ᠰᠢᠭᠦᠬᠦ ᠬᠤᠷᠢᠶ᠎ᠠ᠂ ᠪᠠᠶᠢᠴᠠᠭᠠᠬᠤ | ᠬᠤᠷᠢᠶ᠎ᠠ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠭ᠎ᠠ ᠪᠠ ᠬᠠᠤᠯᠢ ᠶᠢᠨ | ᠤᠬᠠᠭᠠᠨ ᠤ ᠨᠡᠶᠢᠭᠡᠮᠯᠢᠭ ᠤᠨ ᠪᠠᠶᠢᠩᠭᠤ ᠰᠠᠭᠤᠭ᠎ᠠ 8 ᠰᠠᠯᠠᠭ᠎ᠠ ᠮᠥᠴᠢᠷ ᠵᠢᠴᠢ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ | ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ 10 ᠰᠠᠯᠠᠭ᠎ᠠ ᠮᠥᠴᠢᠷ ᠢ ᠨᠢᠭᠲᠠᠷᠠᠭᠤᠯᠪᠠ᠃ ᠡᠭᠦᠨ ᠤ ᠬᠠᠮᠲᠤ᠂ ᠠᠵᠢᠯ | ᠲᠥᠷᠥᠯ ᠤᠨ ᠴᠢᠨᠠᠷᠲᠠᠶ ᠲᠤᠰᠬᠠᠶ ᠮᠡᠷᠭᠡᠵᠢᠯ ᠤᠨ ᠴᠢᠨᠠᠷᠲᠠᠶ ᠡᠶᠡᠳᠡᠭᠦᠯᠬᠦ ᠺᠣᠮᠢᠰ 7 ᠣᠷᠣᠵᠤ ᠰᠠᠭᠤᠨ᠂ ᠬᠦᠴᠦᠷᠬᠡᠭ | ᠶᠡᠭᠡ ᠠᠵᠢᠯ ᠤᠨ ᠨᠡᠶᠢᠯᠡᠮᠡᠯ ᠬᠦᠴᠦᠨ ᠢ ᠪᠠᠶᠢᠭᠤᠯᠤᠨ᠎ᠠ᠃ |