【 ᠠᠵᠢᠯᠯᠠᠬᠤ ᠶᠢ ᠲᠡᠷᠢᠭᠦᠨ ᠳᠤ ᠲᠠᠯᠪᠢᠵᠤ ︽ᠵᠢᠷᠭᠤᠭᠠᠨ ᠠᠵᠢᠯᠯᠠᠭ᠎ᠠ︾ ᠶᠢ ᠰᠠᠶᠢᠲᠤᠷ ᠠᠳᠬᠤᠬᠤ ᠬᠡᠷᠡᠭᠲᠡᠢ 】 ᠣᠯᠠᠨ ᠰᠠᠯᠠᠭ᠎ᠠ ᠮᠥᠴᠢᠷ ᠬᠠᠮᠲᠤᠷᠠᠨ ︽ᠬᠠᠤᠯᠢ ᠬᠦᠷᠭᠡᠵᠦ ᠠᠵᠤ ᠠᠬᠤᠶᠢᠯᠠᠯ ᠳᠤ ᠣᠷᠣᠭᠤᠯᠬᠤ︾ ᠠᠵᠢᠯᠯᠠᠭ᠎ᠠ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠦᠨ ᠬᠥᠭᠵᠢᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/5/16
     
       5 ᠰᠠᠷ᠎ᠠ ᠶᠢᠨ 15 ᠤ ᠡᠳᠦᠷ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠬᠠᠮᠲᠤᠷᠠᠨ ᠲᠠᠪᠤᠳᠤᠭᠠᠷ ︽ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢ ᠡᠷᠭᠢᠯᠡᠵᠦ᠂ ︽ᠰᠠᠶᠢᠨ ᠰᠠᠶᠢᠬᠠᠨ ᠠᠮᠢᠳᠤᠷᠠᠯ ᠢᠷᠭᠡᠨ ᠤ ᠬᠠᠤᠯᠢ ᠶᠢᠨ ᠪᠢᠴᠢᠭ ᠢ ᠤᠶᠠᠯᠳᠤᠭᠤᠯᠬᠤ︾ ᠪᠠᠷ ᠭᠤᠤᠯ ᠰᠡᠳᠦᠪ ᠪᠣᠯᠭᠠᠵᠤ᠂ ᠠᠵᠤ ᠠᠬᠤᠶᠢᠯᠠᠯ ᠤᠨ ᠬᠠᠤᠯᠢ ᠪᠠᠷ ᠵᠠᠰᠠᠬᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠶ ᠰᠡᠳᠦᠪᠲᠦ ᠲᠠᠶᠢᠯᠤᠮᠵᠢ ᠬᠢᠬᠦ᠂ ᠲᠤᠬᠠᠶ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠳᠤ ︽ᠬᠠᠤᠯᠢ ᠪᠠᠷ ᠵᠠᠰᠠᠬᠤ ᠲᠣᠮᠣ ᠪᠡᠯᠡᠭ︾ ᠬᠦᠷᠭᠡᠵᠦ᠂ ᠬᠠᠤᠯᠢ ᠪᠠᠷ ᠵᠠᠰᠠᠬᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠪᠠ᠃        ᠡᠨᠡ ᠬᠤᠭᠤᠴᠠᠭᠠᠨ ᠳᠤ᠂ ᠠᠵᠢᠯᠲᠠᠳ ᠪᠠᠰᠠ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠨᠠᠷᠢᠨ ᠨᠢᠮᠪᠠᠶ ᠵᠣᠬᠢᠶᠠᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠤᠬᠠᠭᠤᠯᠭ᠎ᠠ ᠶᠢᠨ ᠳᠡᠪᠲᠡᠷ᠂ ᠬᠠᠤᠯᠢ ᠲᠦᠭᠡᠮᠡᠯᠵᠢᠭᠦᠯᠬᠦ ᠭᠠᠷ ᠤᠭᠤᠲᠠ ᠵᠡᠷᠭᠡ ᠬᠡᠷᠡᠭᠯᠡᠭᠡᠨ ᠤ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠬᠠᠤᠯᠢ ᠴᠠᠭᠠᠵᠠ ᠶᠢᠨ ᠮᠡᠳᠡᠯᠭᠡ ᠶᠢ ︽ᠠᠪᠴᠤ ᠶᠠᠪᠤᠬᠤ᠂ ᠠᠮᠠᠷᠬᠠᠨ ᠤᠯᠠᠮᠵᠢᠯᠠᠬᠤ︾ ᠥᠪᠡᠷ ᠤᠨ ᠪᠡᠶ᠎ᠡ ᠳᠤ ᠪᠠᠨ ᠠᠪᠴᠤ ᠶᠠᠪᠤᠬᠤ ᠵᠦᠭᠯᠡᠭᠦᠷ ᠪᠣᠯᠭᠠᠨ ᠬᠤᠪᠢᠷᠠᠭᠤᠯᠵᠤ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠠᠵᠤ ᠠᠬᠤᠶᠢᠯᠠᠯ ᠳᠤ ᠦᠨᠳᠦᠰᠦᠯᠡᠭᠦᠯᠬᠦ ᠶᠢ ᠠᠬᠢᠭᠤᠯᠪᠠ       ᠲᠣᠰ ᠤᠳᠠᠭᠠᠨ ᠤ ︽ᠬᠠᠤᠯᠢ ᠶᠢ ᠠᠵᠤ ᠠᠬᠤᠶᠢᠯᠠᠯ ᠳᠤ ᠬᠦᠷᠭᠡᠬᠦ︾ ᠠᠵᠢᠯᠯᠠᠭ᠎ᠠ ᠨᠢ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠬᠠᠤᠯᠢ ᠴᠠᠭᠠᠵᠠ ᠶᠢᠨ ᠮᠡᠳᠡᠯᠭᠡ ᠶᠢ ᠠᠵᠤ ᠠᠬᠤᠶᠢᠯᠠᠯ ᠤᠨ ᠡᠵᠡᠩᠨᠡᠯᠲᠡ ᠲᠠᠢ ᠭᠦᠨᠵᠡᠭᠡᠶ ᠠᠭᠤᠰᠤᠯᠴᠠᠭᠤᠯᠬᠤ ᠨᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠳᠠᠲᠠᠶ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠥᠬᠡᠶ᠂ ᠪᠠᠰᠠ ᠴᠤ ᠪᠥᠬᠦ ᠠᠷᠠᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠠᠮᠢᠳᠤᠯᠢᠭ ᠦᠢᠯᠡᠳᠦᠯᠭᠡ ᠪᠣᠯᠤᠨ᠎ᠠ᠃ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ︽ᠢᠷᠭᠡᠨ ᠤ ᠬᠠᠤᠯᠢ ᠶᠢᠨ ᠪᠢᠴᠢᠭ ᠢ ᠵᠢᠷᠭᠤᠭ᠎ᠠ ᠳᠤ ᠣᠷᠣᠭᠤᠯᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠤᠯᠢ ᠪᠠᠷ ᠵᠠᠰᠠᠬᠤ ᠶᠢ ᠴᠢᠨᠠᠷ ᠰᠠᠶᠢᠲᠠᠶ ᠬᠥᠭᠵᠢᠯᠲᠡ ᠶᠢᠨ ᠢᠯᠡ ᠲᠣᠳᠣ ᠰᠠᠭᠤᠷᠢ ᠥᠩᠭᠡ ᠪᠣᠯᠭᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号